ᠨᠢᠩᠴᠧᠩ ᠰᠢᠶᠠᠨ ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/30
ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ᠡᠷᠬᠡ ᠳᠤ ᠬᠠᠯᠳᠠᠵᠤ ᠬᠠᠭᠤᠷᠮᠠᠭᠯᠠᠬᠤ ᠬᠠᠤᠯᠢ ᠠᠴᠠ ᠵᠥᠷᠢᠴᠡᠭᠰᠡᠨ  ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠳᠠᠬᠢ ︽ᠬᠠᠲᠠᠭᠤ ᠠᠷᠭ᠎ᠠ︾ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 25 ᠤ ᠡᠳᠦᠷ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠤᠰ ᠤᠳᠠᠭᠠᠨ ᠤ ᠲᠤᠰᠬᠠᠢ ᠪᠠᠶᠢᠴᠠᠭᠠᠯᠲᠠ ᠳᠤ᠂ ᠠᠷᠢᠬᠢᠨ ᠤ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ᠂ ᠠᠷᠢᠬᠢᠨ ᠤ ᠵᠦᠢᠯ ᠤᠨ ᠲᠤᠰᠬᠠᠢ ᠬᠤᠳᠠᠯᠳᠤᠭᠠᠨ ᠤ ᠳᠡᠯᠭᠡᠭᠦᠷ ᠪᠣᠯᠣᠨ ᠰᠢᠭᠤᠳ ᠡᠵᠡᠩᠨᠡᠯᠲᠡ ᠶᠢᠨ ᠳᠡᠯᠭᠡᠭᠦᠷ᠂ ᠬᠡᠳᠦ ᠳᠡᠯᠭᠡᠭᠦᠷ ᠢᠶᠠᠷ ᠭᠤᠣᠯᠳᠠᠯᠭ᠎ᠠ  ᠲᠠᠢ ᠪᠠᠶᠢᠴᠠᠭᠠᠭᠳᠠᠬᠤ ᠡᠲᠡᠭᠡᠳ ᠪᠣᠯᠭᠠᠵᠤ᠂ ᠬᠡᠪᠴᠢᠶ᠎ᠡ ᠠᠴᠠ ᠳᠠᠪᠠᠭᠰᠠᠨ ᠡᠵᠡᠩᠨᠡᠯᠲᠡ ᠪᠠᠶᠢᠬᠤ ᠡᠰᠡᠬᠦ᠂ ᠦᠨᠡᠮᠯᠡᠯ ᠦᠭᠡᠢ ᠪᠠᠷ ᠡᠵᠡᠩᠨᠡᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠬᠡᠷᠡᠭᠵᠢᠭᠦᠯᠦᠭᠰᠡᠨ ᠡᠰᠡᠬᠦ᠂ ᠣᠷᠣᠭᠤᠯᠵᠤ ᠪᠣᠷᠣᠯᠠᠭᠤᠯᠬᠤ ᠡᠬᠡ ᠲᠠᠩᠰᠠ ᠪᠠᠶᠢᠭᠤᠯᠤᠭᠰᠠᠨ ᠡᠰᠡᠬᠦ᠂ ᠭᠡᠷᠡᠴᠢ ᠪᠠᠷᠢᠮᠲᠠ ᠠᠪᠤᠭᠰᠠᠨ ᠨᠢ ᠪᠦᠷᠢᠨ ᠭᠦᠢᠴᠡᠳ ᠪᠠᠶᠢᠬᠤ ᠡᠰᠡᠬᠦ᠂ ᠬᠤᠳᠠᠯ ᠬᠠᠭᠤᠷᠮᠠᠭ ᠴᠢᠨᠠᠷ ᠮᠠᠭᠤ ᠵᠢᠴᠢ ︽ᠭᠤᠷᠪᠠ ᠦᠭᠡᠢ︾ ᠢᠳᠡᠭᠡᠨ ᠤ ᠵᠦᠢᠯ ᠢ ᠡᠵᠡᠩᠨᠡᠭᠰᠡᠨ ᠡᠰᠡᠬᠦ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠢᠴᠢ ᠡᠷᠬᠡ ᠳᠤ ᠬᠠᠯᠳᠠᠭᠰᠠᠨ ᠲᠠᠸᠠᠷ ᠢ ᠡᠵᠡᠩᠨᠡᠭᠰᠡᠨ ᠡᠰᠡᠬᠦ᠂ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ᠢᠯᠡᠷᠬᠡᠢ ᠭᠠᠵᠠᠷ ᠲᠤ ︽ᠨᠠᠰᠤᠨ ᠳᠤ ᠥᠯᠥ ᠭᠦᠷᠦᠭᠰᠡᠳ ᠲᠤ ᠠᠷᠢᠬᠢ ᠤᠮᠳᠠ ᠪᠣᠷᠣᠯᠠᠭᠤᠯᠬᠤ ᠶᠢ ᠴᠠᠭᠠᠵᠠᠯᠠᠭᠰᠠᠨ︾ ᠲᠡᠮᠳᠡᠭ ᠢ ᠨᠠᠭᠠᠭᠰᠠᠨ ᠡᠰᠡᠬᠦ ᠵᠢᠴᠢ ᠨᠠᠰᠤᠨ ᠳᠤ ᠥᠯᠥ ᠭᠦᠷᠦᠭᠰᠡᠳ ᠲᠤ ᠠᠷᠢᠬᠢ ᠲᠠᠮᠠᠬᠢ ᠪᠣᠷᠣᠯᠠᠭᠤᠯᠤᠭᠰᠠᠨ ᠡᠰᠡᠬᠦ ᠵᠡᠷᠭᠡ ᠦᠶᠯᠡ ᠠᠵᠢᠯᠯᠠᠭ᠎ᠠ ᠲᠠᠢ ᠪᠠᠶᠢᠬᠤ ᠡᠰᠡᠬᠦ  ᠶᠢ ᠭᠤᠣᠯᠳᠠᠯᠭ᠎ᠠ ᠲᠠᠢ ᠪᠠᠶᠢᠴᠠᠭᠠᠪᠠ᠃ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠡᠷᠦᠬᠡ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠬᠢᠵᠦ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠭᠦᠯᠵᠦ᠂ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠨ᠂ ᠬᠤᠳᠠᠯ ᠬᠠᠭᠤᠷᠮᠠᠭ ᠢ ᠮᠡᠳᠡᠵᠦ ᠬᠤᠳᠠᠯ ᠢᠶᠠᠷ ᠪᠣᠷᠣᠯᠠᠭᠤᠯᠬᠤ ᠠᠵᠢᠯᠯᠠᠭ᠎ᠠ ᠶᠢ ᠡᠷᠡᠰ  ᠬᠤᠷᠢᠭᠯᠠᠨ᠎ᠠ᠃ ᠣᠲᠣ ᠪᠣᠯᠲᠠᠯ᠎ᠠ᠂ ᠠᠷᠢᠬᠢᠨ ᠤ ᠵᠦᠢᠯ ᠤᠨ ᠲᠤᠰᠬᠠᠢ ᠬᠤᠳᠠᠯᠳᠤᠭᠠᠨ ᠤ ᠳᠡᠯᠭᠡᠭᠦᠷ 9᠂ ᠭᠦᠢᠯᠭᠡᠭᠡᠨ ᠤ ᠬᠦᠷᠢᠶᠡᠨ ᠳᠠᠬᠢ ᠠᠷᠢᠬᠢᠨ ᠤ ᠵᠦᠢᠯ ᠢ ᠡᠵᠡᠩᠨᠡᠨ ᠪᠣᠷᠣᠯᠠᠭᠤᠯᠬᠤ ᠨᠢᠭᠡᠴᠡ 41 ᠶᠢ ᠪᠠᠶᠢᠴᠠᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠡᠭᠦᠷᠭᠡ ᠪᠠᠨ ᠭᠦᠢᠴᠡᠳᠬᠡᠭᠰᠡᠨ ᠦᠭᠡᠢ᠂ ᠪᠠᠷᠠᠭ᠎ᠠ ᠬᠠᠩᠭᠠᠭᠴᠢ ᠠᠴᠠ ᠬᠢᠷᠢ ᠬᠡᠮ ᠤᠨ ᠭᠡᠷᠡᠴᠢ ᠵᠢᠴᠢ ᠦᠢᠯᠡᠳᠬᠦᠨ ᠤ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠠᠪᠤᠭᠰᠠᠨ ᠦᠭᠡᠢ ᠵᠡᠷᠭᠡ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃  ᠲᠠᠷᠠᠭᠠᠴᠢ ᠶᠢᠨ ᠠᠯᠬᠤᠮ ᠳᠤ᠂ ᠠᠷᠢᠬᠢᠨ ᠤ ᠵᠦᠢᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号