ᠨᠢᠩᠴᠧᠩ ᠰᠢᠶᠠᠨ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠦᠢᠯᠡᠰ ᠢ ᠭᠦᠨᠵᠡᠭᠡᠢ ᠠᠭᠤᠰᠤᠯᠴᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ ᠶᠢ ᠣᠯᠭᠤᠵᠠᠢ
ᠨᠡᠶᠢᠲᠡᠯᠡᠭᠰᠡᠨ ᠴᠠᠭ᠄
2023/11/13
 ᠨᠢᠩᠴᠧᠩ ᠰᠢᠶᠠᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ ᠂ ︽ᠨᠣᠭᠤᠭ᠎ᠠ ᠵᠢᠮᠢᠰ ᠦᠬᠡᠷ︾ ᠤᠨ ᠭᠤᠷᠪᠠᠨ ᠶᠡᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠰᠣᠶᠣᠯ᠂ ᠵᠤᠭᠠᠴᠠᠯ ᠤᠨ ᠦᠢᠯᠡᠰ ᠢ ᠲᠠᠷᠢᠶᠠᠯᠠᠩ ᠤᠨ ᠠᠵᠤ ᠦᠢᠯᠡᠰ᠂ ᠠᠮᠢ ᠠᠬᠤᠢ ᠶᠢᠨ ᠪᠣᠯᠪᠠᠰᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠪᠦᠬᠦ ᠲᠠᠯ᠎ᠠ  ᠪᠠᠷ ᠠᠭᠤᠰᠤᠯᠴᠠᠭᠤᠯᠬᠤ  ᠶᠢ ᠦᠷᠭᠦᠯᠵᠢᠯᠡᠨ ᠠᠬᠢᠭᠤᠯᠵᠤ᠂ ᠲᠠᠪᠤᠨ ᠵᠢᠭᠤᠯᠴᠢᠯᠠᠯ ᠤᠨ ︽ᠨᠡᠷ᠎ᠡ ᠶᠢᠨ ᠬᠠᠭᠤᠳᠠᠰᠤ︾ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠵᠢᠭᠤᠯᠴᠢᠯᠠᠯ ᠤᠨ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠰᠢᠶᠠᠨ᠂ ᠲᠦᠷᠦᠭᠦᠸ ᠪᠦᠯᠦᠭ ᠤᠨ ︽ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠰᠢᠶᠠᠨ᠂ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠪᠠ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ︽ᠤᠷᠮᠠᠰᠢᠭᠤᠯᠬᠤ ᠰᠢᠶᠠᠨ︾ ᠳᠤ ᠠᠮᠵᠢᠯᠲᠠ ᠲᠠᠢ ᠪᠠᠷ ᠰᠣᠩᠭᠤᠭᠳᠠᠪᠠ᠃ ᠣᠲᠣ ᠪᠣᠯᠲᠠᠯ᠎ᠠ᠂ ᠪᠥᠬᠦ ᠰᠢᠶᠠᠨ ᠳᠤ ᠨᠡᠶᠢᠲᠡ 20 ᠦᠵᠡᠮᠵᠢ ᠶᠢᠨ ᠣᠷᠣᠨ ᠪᠠᠶᠢᠵᠤ᠂ ᠡᠭᠦᠨ ᠳᠤ ᠤᠯᠤᠰ ᠤᠨ 4A ᠲᠠᠰ ᠤᠨ ᠦᠵᠡᠮᠵᠢ ᠶᠢᠨ ᠣᠷᠣᠨ 2 ᠪᠣᠶ᠂ ᠪᠥᠬᠦ ᠤᠯᠤᠰ ᠤᠨ ᠲᠦᠷᠦᠭᠦᠸ ᠪᠦᠯᠦᠭ ᠤᠨ ᠣᠨᠴᠠᠯᠢᠭᠲᠤ ᠵᠢᠵᠢᠭ ᠪᠠᠯᠭᠠᠰᠤ 1᠂ ᠪᠥᠬᠦ ᠤᠯᠤᠰ ᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠠᠷᠠᠲᠤ ᠪᠠᠯᠭᠠᠰᠤ 1᠂ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠵᠢᠭ ᠪᠠᠯᠭᠠᠰᠤ 1 ᠪᠣᠶ᠃ ᠲᠣᠭᠤᠷᠢᠨ ᠦᠵᠡᠵᠦ ᠲᠡᠭᠦᠬᠦ ᠬᠦᠷᠢᠶᠡᠯᠡᠩ ᠢ 105 ᠬᠥᠭᠵᠢᠭᠦᠯᠵᠦ᠂ ᠳᠡᠭᠡᠷ᠎ᠡ ᠬᠤᠷᠤᠭ᠎ᠠ ᠶᠢᠨ ᠵᠢᠢ ᠭᠤᠸᠠᠨ ᠱᠠᠨ ᠠᠭᠤᠯᠠ ᠵᠡᠷᠭᠡ ᠭᠤᠣᠯᠳᠠᠯᠭ᠎ᠠ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢ 7 ᠪᠠᠶᠢᠭᠤᠯᠵᠤ᠂ ᠬᠥᠳᠡᠭᠡ ᠲᠣᠰᠬᠤᠨ ᠤ ᠡᠯ᠎ᠡ ᠲᠥᠷᠥᠯ ᠤᠨ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ 149 ᠪᠣᠶ ᠪᠣᠯᠭᠠᠪᠠ᠃ ᠵᠢᠯ ᠤᠨ ᠡᠬᠢᠨ ᠠᠴᠠ ᠨᠠᠰᠢ ᠂ ᠪᠥᠬᠦ ᠰᠢᠶᠠᠨ ᠢᠶᠠᠷ ᠢᠶᠠᠨ ᠨᠡᠶᠢᠲᠡ 213.4 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 27.7 ᠳ᠋ᠦᠩᠰᠢᠭᠤᠷ ᠲᠥᠭᠦᠷᠢᠭ ᠪᠡᠶᠡᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号