ᠨᠢᠩᠴᠧᠩ ᠰᠢᠶᠠᠨ ︽ᠢᠯᠡ ᠪᠠᠷ ᠠᠩᠭᠢ ᠬᠤᠪᠢᠶᠠᠬᠤ︾ ᠳᠦᠷᠢᠮ ᠢ ᠬᠡᠷᠡᠭᠵᠢᠭᠦᠯᠵᠦ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/2
 ᠰᠤᠷᠭᠠᠨ ᠬᠥᠮᠦᠵᠢᠯ ᠤᠨ ᠠᠵᠢᠯ ᠲᠥᠷᠥᠯ ᠤᠨ ᠰᠠᠶᠢᠨ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠣᠶ ᠪᠣᠯᠭᠠᠵᠤ ᠂ ᠲᠥᠪ ᠭᠤᠥᠯᠴᠢ᠂  ᠡᠷᠬᠡ ᠲᠡᠭᠰᠢ᠂ ᠢᠯᠡ ᠲᠣᠳᠣ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠵᠤ ᠰᠤᠷᠭᠠᠭᠤᠯᠢ ᠰᠣᠩᠭᠤᠬᠤ᠂ ᠠᠩᠭᠢ ᠰᠣᠩᠭᠤᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠥᠯᠥᠭᠡ᠂ ᠨᠢᠩᠴᠧᠩ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠬᠡᠰᠡᠭ ᠬᠤᠪᠢᠶᠠᠨ ᠰᠣᠷᠣᠭᠴᠢ ᠡᠯᠰᠡᠬᠦ ᠪᠠ ᠢᠯᠡ ᠪᠠᠷ ᠠᠩᠭᠢ ᠬᠤᠪᠢᠶᠠᠬᠤ ᠠᠵᠢᠯ ᠢ ᠥᠷᠨᠢᠭᠦᠯᠪᠡ᠃  2023 ᠣᠨ ᠳᠤ᠂ ᠨᠢᠩᠴᠧᠩ ᠰᠢᠶᠠᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠲᠥᠰᠥᠯ︾ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ︿ᠢᠯᠡ ᠪᠠᠷ ᠠᠩᠭᠢ ᠬᠤᠪᠢᠶᠠᠬᠤ﹀ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠰᠡᠭ ᠬᠤᠪᠢᠶᠠᠨ ᠰᠣᠷᠣᠭᠴᠢ ᠡᠯᠰᠡᠬᠦ ᠪᠠ ᠢᠯᠡ ᠪᠠᠷ ᠠᠩᠭᠢ ᠬᠤᠪᠢᠶᠠᠬᠤ ᠠᠵᠢᠯ ᠢ ᠡᠮᠬᠢ ᠵᠢᠷᠤᠮ ᠲᠠᠢ ᠵᠣᠬᠢᠶᠠᠨ ᠪᠠᠶᠢᠭᠤᠯᠤᠨ ᠵᠢᠯᠤᠭᠤᠳᠴᠤ᠂ ᠠᠩᠭᠢ ᠰᠣᠩᠭᠤᠬᠤ᠂ ᠰᠤᠷᠭᠠᠭᠤᠯᠢ ᠰᠣᠩᠭᠤᠬᠤ ᠦᠵᠡᠭᠳᠡᠯ ᠢ ᠲᠤᠶᠢᠯᠪᠤᠷᠢᠲᠠᠢ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠬᠠᠮᠠᠭᠠᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号