| ᠨᠢᠭᠡ ᠳᠤ᠂ ︽ᠪᠠᠷᠠᠭᠤᠨ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠣᠭᠤᠷᠢᠭ ᠰᠢᠷᠡᠭᠡᠨ ᠤ ᠶᠠᠷᠢᠶᠠᠨ ᠤ ᠲᠠᠪᠴᠠᠩ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠤᠯᠪᠣᠭᠠᠯᠠᠭᠰᠠᠨ ᠮᠠᠶ᠋ᠢᠭ ᠤᠨ ᠬᠥᠭᠵᠢᠯᠲᠡ ᠶᠢ | ᠠᠬᠢᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠶᠢ ᠵᠠᠰᠠᠭᠰᠠᠨ ᠲᠤᠷᠰᠢᠯᠭ᠎ᠠ ᠶᠢ ᠰᠣᠯᠢᠯᠴᠠᠵᠤ᠂ | ᠬᠥᠭᠵᠢᠯᠲᠡ ᠶᠢᠨ ᠠᠵᠠ ᠲᠣᠬᠢᠶᠠᠯ ᠢ ᠡᠷᠢᠯᠬᠢᠯᠡᠵᠦ᠂ ᠨᠢᠩᠴᠧᠩ ᠰᠢᠶᠠᠨ ᠤ ᠪᠠᠷᠠᠭᠤᠨ ᠣᠷᠣᠨ ᠤ ᠬᠥᠳᠡᠭᠡ | ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ | ᠭᠠᠷ ᠭᠠᠷ ᠢᠶᠠᠨ ᠬᠤᠯᠪᠣᠯᠴᠠᠨ ᠠᠬᠢᠭᠤᠯᠤᠨ᠎ᠠ᠃ | ᠬᠤᠶᠠᠷ ᠲᠤ᠂ ᠲᠢᠶᠠᠨ ᠢ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠰᠦᠮ᠎ᠡ ᠶᠢᠨ ᠭᠤᠣᠯ ᠪᠠᠭ᠎ᠠ | ᠰᠤᠷᠭᠠᠭᠤᠯᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2023 ᠣᠨ ᠤ 9 ᠰᠠᠷ᠎ᠠ ᠠᠴᠠ | ᠡᠬᠢᠯᠡᠨ᠂ ᠬᠤᠶᠠᠷ ᠰᠤᠷᠭᠠᠭᠤᠯᠢ ᠶᠢᠨ ᠲᠣᠭᠤᠷᠢᠭᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠲᠤᠷᠠᠨ | ᠰᠤᠷᠭᠠᠭᠤᠯᠢ ᠡᠷᠭᠢᠯᠡᠬᠦ ᠶᠢ ᠪᠡᠶᠡᠯᠡᠭᠦᠯᠦᠨ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠲᠢᠶᠠᠨ ᠢ ᠲᠡᠮᠦᠷ ᠵᠠᠮ ᠤᠨ ᠵᠡᠭᠦᠨ ᠡᠮᠦᠨᠡᠲᠦ ᠬᠡᠰᠡᠭ ᠤᠨ ᠰᠤᠷᠭᠠᠭᠤᠯᠢ ᠶᠢᠨ ᠲᠣᠭᠤᠷᠢᠭ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠭᠤᠷᠪᠠ ᠳᠤ ᠰᠢᠨᠵᠢᠯᠡᠭᠡᠨ ᠤ ᠰᠠᠯᠠᠭ᠎ᠠ ᠶᠢᠨ ᠰᠠᠭᠤᠷᠢᠨ ᠭᠠᠵᠠᠷ ᠤᠨ ᠰᠤᠷᠭᠠᠭᠤᠯᠢ ᠶᠢ ᠦᠨᠡᠯᠡᠨ ᠵᠢᠱᠢᠬᠦ ᠠᠷᠭ᠎ᠠ ᠶᠢᠨ | ᠶᠣᠰᠣᠭᠠᠷ᠂ ᠲᠣᠰ ᠵᠢᠯ ᠳᠤ ᠰᠢᠶᠠᠨ ᠤ ᠱᠠᠲᠤᠨ ᠤ ᠪᠠᠭ᠎ᠠ ᠰᠤᠷᠭᠠᠭᠤᠯᠢ ᠶᠢᠨ ᠡᠯ᠎ᠡ ᠰᠢᠨᠵᠢᠯᠡᠭᠡᠨ ᠤ ᠰᠠᠯᠠᠭ᠎ᠠ ᠶᠢᠨ | ᠰᠠᠭᠤᠷᠢᠨ ᠭᠠᠵᠠᠷ 34᠂ ᠬᠤᠲᠠ ᠶᠢᠨ ᠲᠠᠰ ᠤᠨ 8᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠶᠠᠨ ᠤ | ᠲᠠᠰ ᠤᠨ 26᠂ ᠬᠤᠲᠠ ᠶᠢᠨ ᠲᠠᠰ ᠤᠨ 3 ᠶᠢ ᠰᠢᠯᠢᠨ ᠰᠣᠩᠭᠤᠨ᠎ᠠ᠃ ᠳᠤᠮᠳᠠ ᠪᠠᠭ᠎ᠠ ᠨᠢᠯᠬᠠᠰ ᠤᠨ ᠰᠢᠯᠢᠳᠡᠭ | ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠬᠤ ᠳᠤᠭᠤᠶᠢᠯᠠᠩ ᠢ 23 ᠭᠤᠶᠤᠴᠢᠯᠠᠨ ᠮᠡᠳᠡᠭᠦᠯᠦᠭᠰᠡᠨ ᠪᠠ | ᠰᠢᠯᠭᠠᠷᠠᠭᠤᠯᠤᠨ᠂ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ |