ᠨᠢᠩᠴᠧᠩ ᠰᠢᠶᠠᠨ ᠨᠠᠮᠤᠷ ᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/11/2
ᠠᠮᠤ ᠪᠤᠳᠠᠭ᠎ᠠ ᠬᠤᠳᠠᠯᠳᠤᠨ ᠠᠪᠬᠤ ᠠᠷᠠᠯᠵᠢᠶ᠎ᠠ ᠶᠢᠨ ᠲᠠᠰᠤᠯᠤᠨ ᠪᠣᠳᠣᠯᠲᠠ ᠶᠢᠨ ᠭᠤᠣᠯᠴᠢ ᠪᠠᠶᠢᠬᠤ ᠶᠢ ᠦᠨᠡᠨ ᠬᠦ ᠪᠠᠲᠤᠯᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠩᠭᠢᠯᠠᠭ᠎ᠠ ᠶᠢᠨ ᠬᠡᠮᠵᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠷᠭᠡᠨ ᠤᠯᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂  ᠤᠶᠢᠷ᠎ᠠ ᠶᠢᠨ ᠡᠳᠦᠷ᠂ ᠨᠢᠩᠴᠧᠩ ᠰᠢᠶᠠᠨ ᠳᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ ᠠᠮᠤ ᠪᠤᠳᠠᠭᠠᠨ ᠤ ᠥᠷᠲᠡᠭᠡ᠂ ᠠᠮᠤ ᠪᠤᠳᠠᠭ᠎ᠠ ᠬᠤᠳᠠᠯᠳᠤᠨ ᠠᠪᠬᠤ ᠺᠣᠮᠫᠠᠨᠢ ᠵᠡᠷᠭᠡ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠡᠵᠡᠩᠨᠡᠯᠲᠡ ᠶᠢᠨ ᠡᠷᠦᠬᠡ ᠪᠠᠷ ᠬᠡᠪᠴᠢᠶ᠎ᠡ ᠪᠠᠨ ᠪᠣᠯᠭᠠᠵᠤ᠂ ᠬᠡᠷᠡᠭᠯᠡᠵᠦ ᠪᠠᠶᠢᠭ᠎ᠠ ᠡᠯᠧᠺᠲᠷᠣᠨ ᠮᠠᠰᠢᠨ ᠲᠡᠷᠭᠡᠨ ᠤ ᠵᠢᠩᠯᠡᠭᠦᠷ᠂ ᠠᠮᠤ ᠪᠤᠳᠠᠭᠠᠨ ᠤ ᠤᠰᠤᠨ ᠤ ᠬᠡᠮᠵᠢᠯᠲᠡ ᠶᠢᠨ ᠬᠡᠮᠵᠢᠭᠦᠷ᠂ ᠠᠮᠤ ᠪᠤᠳᠠᠭᠠᠨ ᠤ ᠪᠠᠭᠲᠠᠭᠠᠮᠵᠢ ᠶᠢᠨ ᠬᠡᠮᠵᠢᠭᠦᠷ ᠵᠡᠷᠭᠡ ᠬᠡᠮᠵᠢᠯᠲᠡ ᠶᠢᠨ ᠪᠠᠭᠠᠵᠢ ᠬᠡᠷᠡᠭᠰᠡᠯ ᠤᠨ ᠨᠡᠷᠡᠶᠢᠳᠦᠯ ᠨᠢ ᠪᠢᠴᠢᠭᠡᠰᠦ ᠶᠢᠨ ᠫᠠᠶᠢᠰᠠ ᠲᠠᠢ ᠵᠣᠬᠢᠴᠠᠯᠳᠤᠭᠰᠠᠨ ᠡᠰᠡᠬᠦ᠂ ᠴᠢᠩᠭ᠎ᠠ ᠪᠠᠶᠢᠴᠠᠭᠠᠯᠲᠠ ᠶᠢᠨ ᠲᠡᠮᠳᠡᠭ ᠨᠠᠭᠠᠭᠰᠠᠨ ᠡᠰᠡᠬᠦ᠂ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠵᠦ ᠪᠠᠶᠢᠭ᠎ᠠ ᠨᠢ ᠬᠡᠮᠵᠢᠯᠲᠡ ᠶᠢᠨ ᠰᠢᠯᠭᠠᠨ ᠲᠣᠭᠲᠠᠭᠠᠯᠲᠠ ᠶᠢ ᠥᠩᠭᠡᠷᠡᠭᠡᠭᠰᠡᠨ ᠡᠰᠡᠬᠦ᠂ ᠬᠦᠴᠦᠨ ᠲᠠᠢ ᠬᠤᠭᠤᠴᠠᠭᠠᠨ ᠳᠠᠬᠢ ᠬᠡᠮᠵᠢᠯᠲᠡ ᠶᠢᠨ ᠰᠢᠯᠭᠠᠨ ᠲᠣᠭᠲᠠᠭᠠᠯᠲᠠ ᠶᠢᠨ ᠦᠨᠡᠮᠯᠡᠯ ᠪᠠᠶᠢᠬᠤ ᠡᠰᠡᠬᠦ᠂ ᠥᠭᠡᠷᠡᠴᠢᠯᠡᠨ ᠲᠣᠨᠣᠭᠯᠠᠭᠰᠠᠨ᠂ ᠬᠢᠷᠢ ᠲᠡᠩᠴᠡᠬᠦ ᠦᠭᠡᠢ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠭᠰᠡᠨ ᠪᠤᠶᠤ ᠬᠡᠮᠵᠢᠯᠲᠡ ᠶᠢᠨ ᠪᠠᠭᠠᠵᠢ ᠬᠡᠷᠡᠭᠰᠡᠯ ᠤᠨ ᠣᠨᠣᠪᠴᠢ ᠶᠢᠨ ᠬᠡᠮᠵᠢᠶ᠎ᠡ ᠶᠢ ᠵᠣᠷᠢᠭᠤᠳᠠ ᠡᠪᠳᠡᠭᠰᠡᠨ  ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠣᠲᠣ ᠪᠣᠯᠲᠠᠯ᠎ᠠ᠂ ᠨᠡᠶᠢᠲᠡ 27 ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ᠂ 26 ᠡᠯᠧᠺᠲᠷᠣᠨ ᠮᠠᠰᠢᠨ ᠲᠡᠷᠭᠡᠨ ᠤ ᠵᠢᠩᠯᠡᠭᠦᠷ᠂ 17 ᠠᠮᠤ ᠪᠤᠳᠠᠭᠠᠨ ᠤ ᠤᠰᠤᠨ ᠤ ᠬᠡᠮᠵᠢᠯᠲᠡ ᠶᠢᠨ ᠬᠡᠮᠵᠢᠭᠦᠷ᠂ 11 ᠠᠮᠤ ᠪᠤᠳᠠᠭᠠᠨ ᠤ ᠪᠠᠭᠲᠠᠭᠠᠮᠵᠢ ᠶᠢᠨ ᠮᠠᠰᠢᠨ ᠵᠡᠷᠭᠡ ᠶᠢ ᠪᠠᠶᠢᠴᠠᠭᠠᠵᠤ᠂ ᠰᠢᠯᠭᠠᠨ ᠲᠣᠭᠲᠠᠭᠠᠯᠲᠠ ᠶᠢᠨ ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠪᠠ ᠳᠤᠷ᠎ᠠ ᠪᠠᠷ ᠢᠶᠠᠨ ᠥᠭᠡᠷᠡᠴᠢᠯᠡᠨ ᠲᠣᠨᠣᠭᠯᠠᠭᠰᠠᠨ ᠠᠵᠢᠯᠯᠠᠭ᠎ᠠ ᠣᠷᠣᠰᠢᠵᠤ ᠪᠠᠶᠢᠬᠤ ᠶᠢ ᠲᠦᠷ ᠣᠯᠵᠤ ᠮᠡᠳᠡᠭᠰᠡᠨ ᠦᠭᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号