ᠨᠢᠩᠴᠧᠩ ᠰᠢᠶᠠᠨ ᠰᠤᠯᠠ ᠰᠠᠪᠠᠯᠠᠭᠰᠠᠨ ᠬᠠᠷ᠎ᠠ ᠠᠷᠢᠬᠢ ᠪᠣᠷᠣᠯᠠᠭᠤᠯᠬᠤ ᠵᠠᠩᠭᠢᠯᠠᠭ᠎ᠠ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/11/24
 ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠠᠷᠢᠯᠭᠠᠵᠤ᠂ ᠬᠡᠷᠡᠭᠯᠡᠭᠴᠢᠳ ᠲᠤ ︽ᠰᠠᠨᠠᠭ᠎ᠠ ᠠᠮᠤᠷ ᠠᠷᠢᠬᠢ︾ ᠤᠤᠭᠤᠯᠭᠠᠬᠤ ᠶᠢᠨ ᠲᠥᠯᠥᠭᠡ᠂  ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃  ᠲᠣᠰ ᠤᠳᠠᠭᠠᠨ ᠤ ᠲᠤᠰᠬᠠᠢ ᠠᠵᠢᠯᠯᠠᠭ᠎ᠠ ᠳᠤ᠂ ᠰᠤᠯᠠ ᠰᠠᠪᠠᠯᠠᠭᠰᠠᠨ ᠬᠠᠷ᠎ᠠ ᠠᠷᠢᠬᠢ ᠡᠵᠡᠩᠨᠡᠬᠦ ᠨᠢᠭᠡᠴᠡ ᠶᠢᠨ ᠦᠨᠡᠮᠯᠡᠯ ᠲᠠᠢ ᠪᠠᠷ ᠡᠵᠡᠩᠨᠡᠵᠦ ᠪᠠᠶᠢᠬᠤ ᠡᠰᠡᠬᠦ ᠂ ᠪᠣᠷᠤᠯᠠᠭᠤᠯᠭ᠎ᠠ ᠶᠢᠨ ᠭᠤᠭᠴᠤᠭ᠎ᠠ ᠳᠤ ᠳᠤᠷ᠎ᠠ ᠪᠠᠷ ᠢᠶᠠᠨ ᠮᠠᠲ᠋ᠧᠷᠢᠶᠠᠯ ᠨᠡᠮᠡᠬᠦ ᠦᠵᠡᠭᠳᠡᠯ ᠣᠷᠣᠰᠢᠵᠤ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ ᠲᠡᠮᠳᠡᠭᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠰᠤᠯᠠ ᠰᠠᠪᠠᠯᠠᠭᠰᠠᠨ ᠬᠠᠷ᠎ᠠ ᠠᠷᠢᠬᠢᠨ ᠤ ᠰᠠᠪᠠ ᠳᠡᠭᠡᠷ᠎ᠡ ᠱᠣᠰᠢᠭ᠎ᠠ ᠲᠡᠮᠳᠡᠭ ᠪᠠᠶᠢᠬᠤ ᠡᠰᠡᠬᠦ᠂ ᠰᠦᠯᠢᠶᠥᠦ ᠰᠠᠪᠠ ᠪᠤᠶᠤ ᠰᠦᠯᠢᠶᠥᠦ ᠨᠡᠭᠡᠯᠡᠭᠡᠢ ᠲᠠᠢ ᠰᠠᠪᠠ ᠪᠠᠷ ᠬᠠᠷ᠎ᠠ ᠠᠷᠢᠬᠢ ᠰᠠᠪᠠᠯᠠᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠤᠨ ᠤᠬᠠᠭᠤᠯᠭ᠎ᠠ ᠬᠥᠮᠦᠵᠢᠯ ᠢᠶᠠᠷ ᠳᠡᠮᠵᠢᠨ᠂ ᠰᠤᠯᠠ ᠰᠠᠪᠠᠯᠠᠭᠰᠠᠨ ᠬᠠᠷ᠎ᠠ ᠠᠷᠢᠬᠢ ᠡᠵᠡᠩᠨᠡᠭᠴᠢ ᠶᠢ ᠰᠢᠪᠠᠳᠠᠨ ᠠᠮᠤᠷ ᠲᠦᠪᠰᠢᠨ ᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠦᠨᠡᠨᠴᠢ ᠢᠲᠡᠭᠡᠮᠵᠢ ᠶᠢᠨ ᠤᠬᠠᠮᠰᠠᠷ ᠲᠠᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠲᠣᠭᠲᠠᠴᠠ ᠳᠤ ᠣᠷᠣᠭᠤᠯᠤᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠨ᠎ᠠ᠃ ᠢᠳᠡᠭᠡᠨ ᠤ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠴᠢᠩᠭ᠎ᠠ ᠬᠡᠷᠡᠭᠵᠢᠭᠦᠯᠵᠦ᠂ ᠱᠠᠭᠠᠷᠳᠠᠯᠭ᠎ᠠ ᠶᠣᠰᠣᠭᠠᠷ ᠰᠤᠯᠠ ᠰᠠᠪᠠᠯᠠᠭᠰᠠᠨ ᠬᠠᠷ᠎ᠠ ᠠᠷᠢᠬᠢ ᠶᠢᠨ ᠰᠠᠪᠠ ᠪᠤᠶᠤ ᠪᠣᠭᠤᠳᠠᠯ ᠳᠡᠭᠡᠷ᠎ᠡ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠳᠣᠷᠬᠠᠶᠢᠯᠠᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠬᠠᠳᠠᠭᠠᠯᠠᠬᠤ ᠪᠠ ᠪᠣᠷᠣᠯᠠᠭᠤᠯᠤᠭᠰᠠᠨ ᠲᠡᠮᠳᠡᠭᠯᠡᠯ ᠢ ᠰᠠᠶᠢᠲᠤᠷ ᠬᠢᠵᠦ᠂ ᠰᠤᠯᠠ ᠰᠠᠪᠠᠯᠠᠭᠰᠠᠨ ᠬᠠᠷ᠎ᠠ ᠠᠷᠢᠬᠢ ᠶᠢ ᠬᠠᠳᠠᠭᠠᠯᠠᠬᠤ ᠰᠠᠪᠠ ᠵᠢᠴᠢ ᠬᠠᠳᠠᠭᠠᠯᠠᠬᠤ ᠨᠥᠬᠦᠴᠡᠯ ᠢ ᠱᠠᠭᠠᠷᠳᠠᠯᠭ᠎ᠠ ᠳᠤ ᠨᠡᠶᠢᠴᠡᠭᠦᠯᠵᠦ᠂ ᠪᠣᠬᠢᠷᠲᠤᠯ ᠢ ᠰᠡᠷᠭᠡᠶᠢᠯᠡᠨ᠂ ᠬᠠᠷ᠎ᠠ ᠠᠷᠢᠬᠢ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ  ᠪᠠᠲᠤᠯᠠᠨ᠎ᠠ᠃ ᠣᠲᠣ ᠪᠣᠯᠲᠠᠯ᠎ᠠ᠂ ᠰᠤᠯᠠ ᠰᠠᠪᠠᠯᠠᠭᠰᠠᠨ ᠬᠠᠷ᠎ᠠ ᠠᠷᠢᠬᠢ ᠪᠣᠷᠣᠯᠠᠭᠤᠯᠬᠤ ᠡᠵᠡᠩᠨᠡᠯᠲᠡ ᠶᠢᠨ ᠡᠷᠦᠬᠡ ᠶᠢ ᠨᠡᠶᠢᠲᠡ 67 ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠬᠤ ᠶᠢ ᠲᠦᠷ ᠣᠯᠵᠤ ᠮᠡᠳᠡᠭᠰᠡᠨ ᠦᠭᠡᠢ᠃ ᠲᠠᠷᠠᠭᠠᠴᠢ ᠶᠢᠨ ᠠᠯᠬᠤᠮ ᠳᠤ᠂ ᠰᠤᠯᠠ ᠪᠣᠭᠤᠳᠠᠯ ᠲᠠᠢ ᠬᠠᠷ᠎ᠠ ᠠᠷᠢᠬᠢ ᠶᠢᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠭᠡᠨ ᠤ ᠡᠵᠡᠩᠨᠡᠯᠲᠡ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠭᠤᠭᠴᠤᠭ᠎ᠠ ᠳᠠᠬᠢ ᠰᠤᠯᠠ ᠪᠣᠭᠤᠳᠠᠯ ᠲᠠᠢ ᠬᠠᠷ᠎ᠠ ᠠᠷᠢᠬᠢ ᠶᠢᠨ ᠱᠣᠰᠢᠭ᠎ᠠ ᠲᠡᠮᠳᠡᠭ ᠪᠠ ᠨᠡᠬᠡᠮᠵᠢᠯᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠯᠠ ᠪᠣᠭᠤᠳᠠᠯ ᠲᠠᠢ ᠬᠠᠷ᠎ᠠ ᠠᠷᠢᠬᠢ ᠶᠢᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ᠂ ᠰᠤᠯᠠ ᠪᠣᠭᠤᠳᠠᠯ ᠲᠠᠢ ᠬᠠᠷ᠎ᠠ ᠠᠷᠢᠬᠢ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号