| ᠨᠢᠩᠴᠧᠩ ᠰᠢᠶᠠᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠶᠡᠷᠦᠩᠬᠡᠢ ᠬᠠᠷᠠᠯᠲᠠ ᠶᠢᠨ ᠡᠭᠦᠷᠭᠡ 74.45 ᠲᠦᠮᠡᠨ ᠮᠦ ᠳᠤ ᠬᠦᠷᠴᠦ᠂ ᠲᠣᠰ ᠠᠵᠢᠯ ᠢ 2018 ᠣᠨ ᠠᠴᠠ | ᠡᠬᠢᠯᠡᠨ ᠬᠡᠷᠡᠭᠵᠢᠭᠦᠯᠵᠦ᠂ 2023 ᠣᠨ ᠤ 11 ᠰᠠᠷ᠎ᠠ ᠪᠣᠯᠲᠠᠯ᠎ᠠ ᠪᠥᠬᠦ ᠥᠭᠡᠷᠡᠴᠢᠯᠡᠯᠲᠡ ᠶᠢᠨ ᠡᠭᠦᠷᠭᠡ ᠪᠠᠨ | ᠨᠢᠭᠡᠨᠲᠡ ᠪᠡᠶᠡᠯᠡᠭᠦᠯᠵᠦ᠂ ᠤᠯᠤᠰ ᠤᠨ ᠪᠡᠶᠡᠯᠡᠭᠦᠯᠬᠦ ᠪᠠᠷ ᠵᠢᠱᠢᠭᠰᠡᠨ ᠴᠠᠭ ᠠᠴᠠ 2 ᠵᠢᠯ ᠤᠷᠢᠳᠴᠢᠯᠠᠵᠠᠢ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ | ᠠᠰᠢᠭᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠣᠯᠣᠨ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠠᠴᠠ ᠤᠯᠠᠭᠠᠨᠬᠠᠳᠠ ᠬᠤᠲᠠ ᠲᠠᠢ ᠬᠠᠮᠲᠤᠷᠠᠨ ᠰᠢᠯᠭᠠᠨ ᠠᠪᠬᠤ ᠳᠤᠭᠤᠶᠢᠯᠠᠩ ᠪᠠᠶᠢᠭᠤᠯᠵᠤ ᠨᠢᠩᠴᠧᠩ | ᠰᠢᠶᠠᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠢᠨᠠᠨ | ᠪᠠᠶᠢᠴᠠᠭᠠᠵᠤ ᠰᠢᠯᠭᠠᠨ ᠠᠪᠤᠪᠠ᠃ ᠰᠢᠯᠭᠠᠨ ᠠᠪᠬᠤ ᠳᠤᠭᠤᠶᠢᠯᠠᠩ ᠤᠨ ᠬᠢᠨ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠬᠠᠮᠢᠶ᠎ᠠ ᠪᠦᠬᠦᠢ | ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠡᠮᠵᠢᠨ᠂ ᠨᠠᠷᠢᠨ ᠬᠢᠨᠠᠮᠠᠭᠠᠢ ᠶᠠᠷᠢᠯᠴᠠᠵᠤ ᠬᠤᠪᠢ | ᠣᠯᠭᠤᠬᠤ ᠪᠠᠷ ᠳᠡᠮᠵᠢᠨ᠂ ᠲᠣᠰ ᠰᠢᠶᠠᠨ ᠤ ᠬᠢᠨ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ᠂ ᠨᠠᠷᠢᠯᠢᠭ | ᠣᠨᠣᠴᠠᠲᠠᠢ ᠪᠠᠷ ᠨᠥᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ᠂ ᠢᠨᠵᠧᠨᠧᠷᠢᠩ ᠤᠨ | ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠪᠠ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠵᠡᠷᠭᠡ | ᠳᠥᠷᠪᠡᠨ ᠲᠠᠯ᠎ᠠ ᠪᠠᠷ ᠦᠷ᠎ᠡ ᠪᠦᠲᠦᠮᠵᠢ ᠣᠯᠣᠭᠰᠠᠨ ᠭᠡᠵᠦ ᠰᠠᠨᠠᠯ ᠨᠢᠭᠡᠲᠡᠢ ᠦᠵᠡᠵᠦ᠂ ᠨᠢᠩᠴᠧᠩ ᠰᠢᠶᠠᠨ ᠤ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠬᠦ ᠶᠢ ᠵᠥᠪᠰᠢᠶᠡᠷᠡᠪᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠶᠡᠷᠦᠩᠬᠡᠢ | ᠬᠡᠮᠵᠢᠶ᠎ᠡ ᠶᠢ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ ᠶᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ ᠤᠨ | ᠤᠰᠤᠨ ᠤ ᠦᠨ᠎ᠡ ᠶᠢᠨ ᠡᠯ᠎ᠡ ᠵᠦᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠨᠠᠷᠢᠯᠢᠭ ᠣᠨᠣᠴᠠᠲᠠᠢ ᠪᠠᠷ | ᠨᠥᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠪᠠᠷ ᠳᠠᠮᠵᠢᠭᠤᠯᠤᠨ ᠤᠰᠤ ᠠᠷᠪᠢᠯᠠᠬᠤ | ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠤᠰᠤᠨ ᠤ ᠡᠬᠢ ᠪᠠᠶᠠᠯᠢᠭ ᠢ ᠪᠦᠷᠢᠯᠭᠡᠨ | ᠰᠦᠢᠳᠬᠡᠬᠦ ᠶᠢ ᠦᠨᠳᠦᠰᠦᠨ ᠠᠴᠠ ᠨᠢ ᠬᠤᠷᠢᠭᠯᠠᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠪᠠ᠃ | ᠲᠠᠷᠠᠭᠠᠴᠢ ᠶᠢᠨ ᠠᠯᠬᠤᠮ ᠳᠤ᠂ ᠲᠣᠰ ᠤᠳᠠᠭᠠᠨ ᠤ ᠰᠢᠯᠭᠠᠨ ᠬᠤᠷᠢᠶᠠᠬᠤ ᠪᠠᠷ ᠠᠵᠠ ᠲᠣᠬᠢᠶᠠᠯ ᠪᠣᠯᠭᠠᠵᠤ᠂ | ᠥᠭᠡᠷᠡᠴᠢᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠦᠷ᠎ᠡ | ᠪᠦᠲᠦᠭᠡᠯ ᠢᠶᠠᠨ ᠪᠠᠬᠢᠵᠢᠭᠦᠯᠵᠦ᠂ ︽ᠳᠥᠷᠪᠡᠨ ᠵᠦᠢᠯ ᠤᠨ ᠲᠣᠭᠲᠠᠴᠠ︾ ᠶᠢᠨ ᠬᠠᠮᠤᠭ ᠤᠨ ᠶᠡᠭᠡ ᠦᠷ᠎ᠡ ᠠᠰᠢᠭ ᠢ | ᠪᠠᠳᠠᠷᠠᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠬᠥᠭᠵᠢᠯᠲᠡ ᠳᠤ ᠨᠠᠩ ᠬᠦᠴᠦᠲᠡᠢ ᠪᠠᠲᠤᠯᠠᠭ᠎ᠠ ᠬᠠᠩᠭᠠᠨ᠎ᠠ᠃ | |