| ᠨᠢᠩᠴᠧᠩ ᠰᠢᠶᠠᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠲᠠᠪᠴᠠᠩ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠵᠤ᠂ ᠬᠥᠮᠥᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠲᠠᠢ ᠤᠶᠠᠯᠳᠤᠭᠤᠯᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠠᠴᠠ ᠭᠠᠳᠠᠨᠠᠬᠢ︾ | ᠤᠷᠢᠵᠤ ᠬᠡᠷᠡᠭᠯᠡᠬᠦ ᠵᠠᠭᠪᠤᠷ ᠤᠨ ᠰᠢᠨ᠎ᠡ ᠶᠢ ᠡᠭᠦᠳᠴᠦ᠂︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ | ᠳᠠᠭᠠᠭᠤᠯᠬᠤ︾ ᠶᠢ ᠵᠡᠷᠭᠡᠪᠡᠷ ᠨᠠᠪᠲᠠᠷᠡᠭᠦᠯᠵᠦ᠂ ᠡᠯ᠎ᠡ ᠲᠦᠷᠦᠯ ᠤᠨ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠤᠨᠢᠨ | ᠳᠡᠭᠡᠷ᠎ᠡ ᠨᠢ ᠬᠦᠷᠭᠡᠵᠦ᠂ ᠲᠠᠰᠤᠷᠠᠯᠳᠡ ᠦᠭᠡᠢ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ᠨᠢᠩᠴᠧᠩ ᠤᠨ | ᠣᠶᠤᠨᠲᠤ ᠠᠵᠢᠯ ᠣᠯᠭᠤᠯᠲᠠ ᠶᠢᠨ ᠰᠦᠯᠵᠢᠶ᠎ᠡ᠂ ᠨᠢᠩᠴᠧᠩ ᠤᠨ ᠠᠵᠢᠯ ᠣᠯᠭᠤᠯᠲᠠ ᠶᠢᠨ ᠸᠢᠴᠠᠲ ᠤᠨ | ᠨᠡᠶᠢᠲᠡ ᠶᠢᠨ ᠳ᠋ᠤᠭᠠᠷ᠂ ᠨᠢᠩᠴᠧᠩ ᠤᠨ ᠬᠥᠯᠥᠰᠦᠨ ᠠᠵᠢᠯ ᠬᠢᠬᠦ ᠰᠢᠭᠤᠳ ᠨᠡᠪᠲᠡᠷᠡᠬᠦ ᠲᠡᠷᠭᠡ᠂ ᠨᠢᠩᠴᠧᠩ ᠤᠨ | ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠲᠣᠮᠣ ᠳ᠋ᠠᠶᠢᠲ᠋ᠠ ᠶᠢᠨ ᠡᠭᠦᠯᠡᠨ ᠲᠠᠪᠴᠠᠩ ᠤᠨ ᠮᠡᠳᠡᠭᠡ ᠵᠠᠩᠭᠢ ᠵᠡᠷᠭᠡ | ᠴᠢᠳᠠᠮᠵᠢ ᠶᠢᠨ ᠬᠡᠰᠡᠭ ᠢᠯᠡᠳᠲᠡ ᠦᠷ᠎ᠡ ᠪᠦᠲᠦᠮᠵᠢ ᠣᠯᠪᠠ᠃ 1—10 ᠰᠠᠷ᠎ᠠ ᠳᠤ᠂ ᠲᠤᠬᠠᠢ ᠶᠢᠨ ᠲᠠᠯᠠᠪᠤᠷ ᠤᠨ | ᠠᠵᠢᠯᠲᠠᠨ ᠡᠯᠰᠡᠬᠦ ᠴᠤᠭᠯᠠᠭᠠᠨ ᠢ 28 ᠤᠳᠠᠭ᠎ᠠ ᠥᠷᠨᠢᠭᠦᠯᠵᠦ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ | ᠴᠤᠭᠯᠠᠭᠠᠨ ᠢ 35 ᠤᠳᠠᠭ᠎ᠠ ᠥᠷᠨᠢᠭᠦᠯᠵᠦ᠂ 15000 ᠭᠠᠷᠤᠢ ᠠᠵᠢᠯ ᠤᠨ ᠪᠠᠶᠢᠷᠢ ᠬᠠᠩᠭᠠᠵᠤ᠂ 11000 | ᠭᠠᠷᠤᠢ ᠬᠥᠮᠥᠨ ᠳᠤ ᠠᠵᠢᠯ ᠣᠯᠭᠤᠬᠤ ᠰᠠᠨᠠᠯ ᠲᠠᠢ ᠪᠣᠯᠵᠤ᠂ 5800 ᠭᠠᠷᠤᠢ ᠬᠥᠮᠥᠨ ᠳᠤ ᠠᠵᠢᠯ ᠣᠯᠭᠤᠬᠤ ᠶᠢ | ᠪᠡᠶᠡᠯᠡᠭᠦᠯᠪᠡ᠃ |