ᠨᠢᠩᠴᠧᠩ ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/29
 ᠣᠶᠢᠷ᠎ᠠ ᠳᠤ᠂ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠩᠴᠧᠩ ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠲᠤ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠬᠡᠲᠡᠨ ᠤ ᠳᠠᠩᠰᠠᠯᠠᠯᠲᠠ ᠶᠢᠨ ᠦᠨᠡᠮᠯᠡᠯ ᠣᠯᠭᠤᠵᠤ᠂ ︽ᠨᠢᠩᠴᠧᠩ ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ︾ ᠵᠢᠩᠬᠢᠨᠢ ᠪᠠᠷ ᠪᠠᠶᠢᠭᠤᠯᠤᠭᠳᠠᠪᠠ᠃ ᠨᠡᠶᠢᠭᠡᠮᠯᠢᠭ ᠢ ᠨᠢᠩᠴᠧᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠬᠠᠮᠢᠶᠠᠷᠴᠤ᠂ ᠣᠳᠣᠬᠠᠨ ᠳᠤ ᠨᠡᠶᠢᠲᠡ 32 ᠭᠡᠰᠢᠭᠦᠨ ᠲᠠᠢ᠂ ᠡᠭᠦᠨ ᠤ ᠳᠣᠲᠣᠷ᠎ᠠ ᠨᠠᠮ ᠤᠨ ᠭᠡᠰᠢᠭᠦᠨ 3 ᠪᠤᠢ᠃ ᠠᠳᠠᠯᠢ ᠪᠤᠰᠤ ᠠᠵᠢᠯ ᠲᠥᠷᠥᠯ ᠤᠨ ᠡᠮᠡᠭᠲᠡᠢ ᠠᠵᠤ ᠠᠬᠤᠶᠢᠯᠠᠯᠲᠠᠨ ᠤ ᠲᠥᠯᠥᠭᠡᠯᠡᠭᠴᠢ ᠨᠢᠭᠡ ᠳᠣᠣᠷ᠎ᠠ ᠴᠤᠭᠯᠠᠷᠠᠭᠰᠠᠨ ᠨᠢ ᠨᠢᠩᠴᠧᠩ ᠤᠨ ᠪᠠᠭᠠᠲᠤᠷ ᠡᠮᠡᠭᠲᠡᠢ ᠴᠢᠳᠠᠪᠤᠷᠢᠲᠠᠨ ᠭᠠᠷ ᠬᠤᠯᠪᠣᠨ ᠬᠠᠮᠲᠤ ᠪᠠᠷ ᠤᠷᠤᠭᠰᠢᠯᠠᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠵᠠᠮ ᠳᠡᠭᠡᠷ᠎ᠡ ︽0︾ ᠠᠴᠠ ︽1︾ ᠬᠦᠷᠬᠦ ᠰᠢᠪᠲᠤᠯᠤᠯᠲᠠ ᠶᠢ ᠪᠡᠶᠡᠯᠡᠭᠦᠯᠵᠦ᠂ ᠨᠢᠩᠴᠧᠩ ᠰᠢᠶᠠᠨ ᠤ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠳᠤ ᠰᠢᠨ᠎ᠡ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠳᠦᠷᠰᠦ ᠪᠠᠶᠢᠳᠠᠯ ᠢ ᠠᠪᠴᠢᠷᠠᠭᠰᠠᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号