ᠨᠢᠩᠴᠧᠩ ᠰᠢᠶᠠᠨ ᠤ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/29
 ᠣᠶᠢᠷ᠎ᠠ ᠳᠤ᠂ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠩᠴᠧᠩ ᠰᠢᠶᠠᠨ ᠤ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠳᠠᠷᠤᠭ᠎ᠠ ᠵᠠᠩ ᠰᠢᠶᠠᠩ ᠬᠤᠢ ᠳᠤ ᠨᠡᠶᠢᠭᠡᠮ ᠤᠨ ᠪᠦᠯᠬᠦᠮ ᠤᠨ ᠬᠠᠤᠯᠢ ᠶᠢᠨ ᠬᠥᠮᠥᠨ ᠤ ᠳᠠᠩᠰᠠᠯᠠᠭᠤᠯᠤᠭᠰᠠᠨ ᠦᠨᠡᠮᠯᠡᠯ ᠢ ᠵᠢᠩᠬᠢᠨᠢ ᠪᠠᠷ ᠣᠯᠭᠤᠵᠤ᠂ ᠣᠳᠣᠬᠠᠨ ᠳᠤ ᠨᠡᠶᠢᠲᠡ 60  ᠭᠡᠰᠢᠭᠦᠨ ᠲᠠᠢ ᠪᠣᠯᠵᠠᠢ᠃ ᠡᠨᠡ ᠨᠢ ᠠᠯᠠᠭᠠᠳᠠᠬᠤ ᠪᠥᠮᠪᠦᠭᠡ ᠶᠢᠨ ᠬᠥᠳᠡᠯᠭᠡᠭᠡᠨ ᠢ ᠨᠢᠩᠴᠧᠩ ᠰᠢᠶᠠᠨ ᠳᠤ ᠳᠡᠯᠭᠡᠷᠡᠭᠦᠯᠵᠦ᠂ ᠲᠦᠭᠡᠮᠡᠯᠵᠢᠭᠦᠯᠵᠦ᠂ ᠬᠥᠭᠵᠢᠭᠦᠯᠬᠦ ᠳᠤ ᠠᠴᠢᠶᠠᠯᠠᠪᠤᠷᠢ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠲᠤᠰ ᠨᠡᠶᠢᠭᠡᠮᠯᠢᠭ ᠨᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠪᠣᠯᠪᠠᠰᠤᠷᠠᠯ᠂ ᠳᠠᠰᠬᠠᠯᠵᠢᠭᠤᠯᠤᠭᠴᠢ ᠪᠠ ᠲᠠᠮᠢᠷᠴᠢᠨ ᠢ  ᠬᠥᠮᠥᠵᠢᠬᠦᠯᠬᠦ ᠳᠤ ᠵᠡᠷᠭᠡ ᠴᠢᠬᠤᠯᠠ ᠡᠭᠦᠷᠭᠡ ᠶᠢ ᠡᠭᠦᠷᠭᠡᠯᠡᠨ᠎ᠠ᠃ ᠨᠢᠩᠴᠧᠩ ᠰᠢᠶᠠᠨ ᠤ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠨᠡᠶᠢᠭᠡᠮ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠳᠦᠷᠢᠮᠵᠢᠭᠦᠯᠬᠦ ᠪᠠ ᠰᠢᠨᠵᠢᠯᠡᠬᠦ ᠤᠬᠠᠭᠠᠨᠴᠢᠯᠠᠬᠤ ᠲᠡᠶᠢᠰᠢ ᠬᠥᠭᠵᠢᠭᠦᠯᠬᠦ ᠶᠢ ᠲᠦᠯᠬᠢᠨ ᠠᠬᠢᠭᠤᠯᠬᠤ᠂ ᠠᠯᠠᠭᠠᠳᠠᠬᠤ ᠪᠥᠮᠪᠦᠭᠡ ᠶᠢᠨ ᠬᠥᠳᠡᠯᠭᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠳᠤᠮᠳᠠ ᠬᠦᠴᠦᠨ ᠴᠢᠳᠠᠯ ᠢᠶᠠᠨ ᠡᠷᠭᠦᠬᠦ ᠨᠢ ᠯᠠᠪᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号