ᠨᠢᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ  ᠨᠢ ᠨᠢᠩᠴᠧᠩ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠤᠬᠠᠶᠢᠯᠠᠬᠰᠠᠨ ᠬᠠᠮᠳᠤᠷᠠᠯᠴᠠᠭᠠᠨ ᠤ ᠵᠥᠪᠯᠡᠯᠴᠡᠭᠡᠷ ᠲᠤᠬᠳᠠᠪᠠ
ᠨᠡᠶᠢᠲᠡᠯᠡᠭᠰᠡᠨ ᠴᠠᠭ᠄
2023/11/29
 ᠣᠶᠢᠷ᠎ᠠ ᠳᠤ᠂ ᠨᠢᠩᠴᠧᠩ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠨᠢᠩᠴᠧᠩ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢᠨ ᠲᠤᠬᠠᠶᠢᠯᠠᠬᠰᠠᠨ ᠬᠠᠮᠳᠤᠷᠠᠯᠴᠠᠭᠠᠨ ᠤ ᠵᠥᠪᠯᠡᠯᠴᠡᠭᠡᠷ ᠲᠤᠬᠳᠠᠪᠠ ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠬᠤᠭᠤᠴᠠᠭ᠎ᠠ ᠬᠢᠵᠠᠭᠠᠷ ᠲᠤ ᠲᠣᠬᠢᠷᠠᠭᠤᠯᠤᠯᠲᠠ ᠬᠢᠵᠦ᠂ ᠪᠠᠶᠢᠭᠠᠯᠢ ᠬᠥᠮᠥᠨ ᠤ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠵᠢᠭᠡᠯᠡᠯᠭᠡ ᠶᠢᠨ ᠲᠤᠭ᠎ᠠ  ᠶᠢ 30 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠪᠣᠰᠬᠠᠬᠤ ᠵᠢᠭᠡᠯᠡᠯᠭᠡ ᠨᠢ ᠬᠠᠮᠤᠭ ᠤᠨ ᠥᠨᠳᠥᠷ ᠲᠡᠭᠡᠨ 400 ᠲᠦᠮᠡᠨ ᠲᠥᠭᠦᠷᠢᠭ ᠲᠤ ᠬᠦᠷᠴᠦ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠲᠤ  ᠪᠠᠷ 3 ᠵᠢᠯ ᠪᠣᠯᠭᠠᠨ ᠤᠷᠲᠤᠳᠬᠠᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠬᠤᠷᠳᠤᠳᠬᠠᠭᠤᠷ ᠤᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠡᠭᠦᠰᠦᠭᠰᠡᠨ ᠤᠶᠤᠳᠠᠳ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠭᠤᠣᠯᠳᠠᠯᠭ᠎ᠠ  ᠲᠠᠢ ᠬᠥᠮᠥᠰ ᠤᠨ ᠠᠮᠵᠢᠯᠲᠠ  ᠲᠠᠢ ᠠᠳᠠᠯ ᠦᠢᠯᠡᠰ ᠴᠣᠭᠴᠠᠯᠠᠬᠤ ᠳᠤ ᠬᠦᠴᠦ ᠨᠡᠮᠡᠷᠢᠯᠡᠵᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠤᠨ ᠳᠠᠪᠠᠭᠤᠯᠢᠭ ᠤᠨ ᠨᠢᠭᠲᠠ ᠠᠭᠤᠰᠤᠯᠴᠠᠬᠤ ᠶᠢ ᠠᠬᠢᠭᠤᠯᠵᠤ᠂ ᠵᠠᠰᠠᠭ ᠪᠠᠩᠬᠢ ᠶᠢᠨ ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠶᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ ᠤᠨ ᠲᠠᠰᠤᠷᠠᠯᠲᠠ ᠦᠭᠡᠢ ᠬᠥᠭᠵᠢᠨ ᠲᠡᠭᠦᠯᠳᠡᠷᠵᠢᠬᠦ ᠶᠢ ᠠᠬᠢᠭᠤᠯᠬᠤ ᠪᠦᠲᠦᠮᠵᠢᠲᠡᠶ ᠭᠠᠷᠳᠠᠴᠠ ᠪᠣᠯᠭᠠᠵᠤ᠂ ᠮᠥᠩᠭᠦᠨ ᠭᠦᠢᠯᠭᠡᠭᠡᠨ ᠤ ᠬᠦᠴᠦᠨ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠣᠯᠭᠤᠨ᠎ᠠ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠨᠡᠶᠢᠲᠡ 29 ᠬᠥᠮᠥᠨ ᠤᠳᠠᠭ᠎ᠠ ᠲᠠᠯᠪᠢᠵᠤ᠂ ᠵᠢᠭᠡᠯᠡᠯᠭᠡ ᠶᠢᠨ ᠶᠡᠷᠦᠩᠬᠡᠢ ᠲᠤᠭ᠎ᠠ ᠨᠢ 519 ᠲᠦᠮᠡᠨ ᠲᠥᠭᠦᠷᠢᠭ ᠲᠤ ᠬᠦᠷᠴᠦ᠂ ᠨᠡᠶᠢᠲᠡ 100 ᠭᠠᠷᠤᠢ ᠬᠥᠮᠥᠨ ᠢ ᠳᠠᠶᠢᠴᠢᠯᠠᠨ ᠠᠵᠢᠯ ᠤᠯᠭᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号