ᠨᠢᠩᠴᠧᠩ ᠰᠢᠶᠠᠨ︽ᠭᠤᠷᠪᠠᠨ ᠬᠦᠴᠦᠨ ᠢᠶᠠᠨ ᠲᠥᠪᠯᠡᠷᠡᠭᠦᠯᠬᠦ︾ ᠶᠢ ᠪᠠᠷᠢᠮᠲᠠᠯᠠᠵᠤ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠪᠦᠬᠦ ᠬᠦᠴᠦᠨ ᠢᠶᠠᠷ ᠢᠶᠠᠨ ᠰᠢᠯᠤᠭᠤᠳᠬᠠᠪᠠ
ᠨᠡᠶᠢᠲᠡᠯᠡᠭᠰᠡᠨ ᠴᠠᠭ᠄
2023/11/29
 ᠨᠢᠭᠡ ᠳᠤ᠂ ᠵᠠᠰᠠᠭ ᠠᠵᠤ ᠠᠬᠤᠶᠢᠯᠠᠯ ᠤᠨ ᠣᠯᠣᠯᠴᠠᠭ᠎ᠠ ᠳᠤ ᠬᠦᠴᠦ ᠪᠠᠨ ᠲᠥᠪᠯᠡᠷᠡᠭᠦᠯᠦᠨ᠎ᠡ᠃ ᠡᠨᠡ ᠵᠢᠯ ᠠᠴᠠ ᠨᠠᠰᠢ᠂ ᠠᠵᠢᠯᠲᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠮᠦᠨ᠎ᠡ ᠹᠷᠣᠨᠲ ᠲᠤ ᠤᠯᠠᠨ ᠤᠳᠠᠭ᠎ᠠ ᠭᠦᠨᠵᠡᠭᠡᠶᠢᠷᠡᠵᠦ᠂ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠪᠣᠳᠠᠲᠠᠢ ᠭᠠᠵᠠᠷ ᠲᠤᠨᠢ ᠨᠠᠷᠢᠨ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠢ 10 ᠭᠠᠷᠤᠢ ᠤᠳᠠᠭ᠎ᠠ ᠬᠤᠷᠠᠯᠳᠤᠭᠤᠯᠵᠤ᠂ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠨᠢᠭᠤᠷᠳᠠᠨ ᠰᠣᠨᠣᠰᠴᠠᠢ᠃ ᠬᠤᠶᠠᠷ ᠲᠤ ᠬᠦᠴᠦᠨ ᠢᠶᠠᠨ ᠲᠥᠪᠯᠡᠷᠡᠭᠦᠯᠦᠨ ᠪᠡᠯᠡ ᠮᠥᠩᠭᠦ ᠪᠠᠷ ᠠᠵᠤ ᠠᠬᠤᠶᠢᠯᠠᠯ ᠢ ᠲᠤᠰᠠᠯᠠᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠵᠣᠯᠭᠠᠭᠤᠯᠵᠤ ᠰᠣᠯᠢᠯᠴᠠᠬᠤ ᠠᠵᠢᠯᠯᠠᠭ᠎ᠠ ᠶᠢ ᠥᠷᠨᠢᠭᠦᠯᠵᠦ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠩᠬᠢ ᠪᠠ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠯᠭᠠᠭᠤᠯᠬᠤ ᠬᠤᠷᠠᠯ ᠢ 3 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 4 ᠠᠵᠤ ᠠᠬᠤᠶᠢᠯᠠᠯ ᠨᠢ 4 ᠪᠠᠩᠬᠢ ᠲᠠᠢ ᠠᠩᠬ᠎ᠠ ᠠᠯᠬᠤᠮ ᠬᠠᠮᠲᠤᠷᠠᠯᠴᠠᠬᠤ ᠰᠠᠨᠠᠮᠵᠢ ᠶᠢᠨ ᠪᠢᠴᠢᠭ ᠲᠣᠬᠢᠷᠠᠯᠴᠠᠭᠰᠠᠨ ᠪᠥᠭᠡᠳ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠭᠤᠷᠪᠠ ᠳᠤ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠳᠤ ᠬᠦᠴᠦ ᠪᠠᠨ ᠲᠥᠪᠯᠡᠷᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠵᠢᠴᠢ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠵᠡᠷᠭᠡ ᠠᠭᠤᠯᠭ᠎ᠠ ᠶᠢ ᠡᠮᠬᠢᠯᠡᠵᠦ᠂ ︽ᠠᠷᠢᠭᠤᠨ ᠴᠢᠬᠡᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠰᠢᠰᠲ᠋ᠧᠮ︾ ᠢ ᠰᠦᠪᠡᠭᠴᠢᠯᠡᠨ ᠪᠠᠶᠢᠭᠤᠯᠵᠤ᠂ ᠠᠷᠠᠳ ᠠᠴᠠ ᠡᠵᠡᠩᠨᠡᠭᠰᠡᠨ 3 ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠪᠥᠭᠡᠳ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠨᠡᠶᠢᠲᠡᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠲᠤ ᠨᠠᠶᠢᠳᠠᠪᠤᠷᠢᠵᠢᠭᠤᠯᠤᠭᠳᠠᠬᠤ ᠶᠢ ᠨᠡᠪᠲᠡᠷᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号