| ᠨᠢᠭᠡ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ᠃ ︽ᠤᠷᠢᠵᠤ ᠣᠷᠣᠭᠤᠯᠬᠤ᠂ ᠭᠠᠳᠠᠭᠰᠢ | ᠰᠤᠷᠤᠯᠴᠠᠭᠤᠯᠬᠤ︾ ︽ᠰᠦᠯᠵᠢᠶᠡᠨ ᠳᠡᠭᠡᠷ᠎ᠡ ᠰᠤᠷᠤᠯᠴᠠᠬᠤ᠂ ᠰᠦᠯᠵᠢᠶᠡᠨ ᠭᠠᠳᠠᠨ᠎ᠠ ᠪᠣᠯᠪᠠᠰᠤᠷᠠᠭᠤᠯᠬᠤ︾ ᠵᠡᠷᠭᠡ | ᠬᠡᠯᠪᠡᠷᠢ ᠪᠠᠷ ᠳᠠᠮᠵᠢᠭᠤᠯᠤᠨ᠂ ᠪᠠᠭᠰᠢ ᠶᠢ ᠬᠥᠮᠥᠵᠢᠭᠦᠯᠬᠦ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠲᠠᠰᠤᠷᠠᠯᠲᠠ | ᠦᠭᠡᠢ ᠴᠢᠩᠭᠠᠳᠬᠠᠵᠤ᠂ ︽ᠬᠤᠶᠠᠷ ᠬᠢᠷᠢ ᠬᠡᠮ ᠲᠠᠢ ᠪᠠᠭᠰᠢ ᠶᠢᠨ ᠬᠡᠯᠪᠡᠷᠢ᠂ ᠰᠤᠳᠤᠯᠭᠠᠨ ᠤ ᠬᠡᠯᠪᠡᠷᠢ᠂ ᠲᠤᠰᠬᠠᠢ | ᠮᠡᠷᠭᠡᠵᠢᠯᠲᠡᠨ ᠤ ᠬᠡᠯᠪᠡᠷᠢ︾ ᠶᠢᠨ ᠪᠠᠭᠰᠢ ᠶᠢᠨ ᠡᠩᠨᠡᠭᠡ ᠶᠢ ᠴᠢᠷᠮᠠᠶᠢᠨ ᠪᠣᠶ ᠪᠣᠯᠭᠠᠨ᠎ᠠ᠃ ᠡᠭᠦᠨ ᠤ ᠵᠡᠷᠭᠡ ᠳᠤ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ︽ᠭᠤᠷᠪᠠᠨ ᠵᠢᠯ ᠳᠤ ᠨᠢᠭᠡ ᠬᠥᠯᠭᠡ ᠰᠢᠲᠠᠷ᠎ᠠ | ᠲᠠᠯᠪᠢᠬᠤ︾ ᠦᠵᠡᠯ ᠰᠠᠨᠠᠭ᠎ᠠ ᠶᠢ ᠪᠠᠲᠤ ᠪᠠᠷᠢᠮᠲᠠᠯᠠᠨ᠂ ︽ᠳᠣᠣᠷ᠎ᠠ ᠡᠬᠢᠯᠡᠯᠲᠡ ᠲᠠᠢ᠂ ᠤᠳᠠᠭᠠᠨ ᠬᠤᠷᠳᠤᠴᠠ ᠲᠠᠢ᠂ | ᠪᠠᠬᠢᠵᠢᠭᠦᠯᠬᠦ ᠪᠠᠷ ᠴᠢᠷᠮᠠᠶᠢᠬᠤ᠂ ᠲᠦᠷᠭᠡᠨ ᠬᠠᠷᠢᠭᠤ ᠲᠤᠰᠬᠠᠬᠤ︾ ᠵᠢᠭᠠᠨ ᠰᠤᠷᠭᠠᠯᠲᠠ ᠶᠢᠨ ᠶᠡᠷᠦᠩᠬᠡᠢ ᠵᠠᠷᠴᠢᠮ ᠢ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠴᠦᠨ ᠢ ᠦᠷᠭᠦᠯᠵᠢᠯᠡᠨ | ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠣᠳᠣᠬᠠᠨ ᠳᠤ ᠰᠤᠷᠭᠠᠭᠤᠯᠢ ᠶᠢᠨ ᠳᠣᠲᠣᠷ᠎ᠠ ᠳᠡᠭᠡᠳᠦ ᠵᠡᠷᠭᠡ ᠶᠢᠨ | ᠲᠡᠰ ᠤᠨ ᠪᠠᠭᠰᠢ 137᠂ ᠳᠤᠮᠳᠠ ᠵᠡᠷᠭᠡ ᠶᠢᠨ ᠲᠡᠰ ᠤᠨ ᠪᠠᠭᠰᠢ 152 ᠪᠣᠶ᠃ | ᠬᠤᠶᠠᠷ ᠲᠤ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠶᠢᠵᠢᠭᠤᠯᠬᠤ︾ ᠠᠵᠢᠯᠯᠠᠭ᠎ᠠ ᠶᠢ ᠲᠦᠯᠬᠢᠨ | ᠠᠬᠢᠭᠤᠯᠤᠨ᠎ᠠ᠃ ︽ᠨᠢᠩᠴᠧᠩ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠰᠢᠯᠢᠳᠡᠭ ᠢ ᠪᠣᠯᠪᠠᠰᠤᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2022 ︱ | 2024︶︾᠂ ᠨᠢᠩᠴᠧᠩ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ︾ ᠶᠢᠨ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ | ᠲᠥᠰᠥᠯ ᠳᠤ ᠵᠠᠰᠠᠪᠤᠷᠢ ᠣᠷᠣᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠴᠢᠨᠠᠷ ᠰᠠᠶᠢᠲᠠᠢ ᠰᠤᠷᠭᠠᠭᠤᠯᠢ᠂ ᠴᠢᠨᠠᠷ | ᠰᠠᠶᠢᠲᠠᠢ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠡᠭᠦᠷᠭᠡ ᠶᠢᠨ ᠪᠢᠴᠢᠭ ᠤᠨ ᠶᠣᠰᠣᠭᠠᠷ ᠴᠢᠨᠠᠷ ᠰᠠᠶᠢᠲᠠᠢ | ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠲᠥᠷᠥᠯ ᠵᠦᠢᠯ ᠢ ᠠᠬᠢᠭᠤᠯᠬᠤ ᠪᠦᠯᠬᠦᠮ | ᠨᠡᠶᠢᠲᠡ ᠶᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠵᠦᠢᠯ ᠤᠨ ᠳᠤᠭᠤᠶᠢᠯᠠᠩ ᠤᠨ ᠠᠵᠢᠯ ᠢ ᠢᠳᠡᠪᠬᠢᠲᠡᠢ | ᠠᠬᠢᠭᠤᠯᠤᠨ᠎ᠠ᠃ ᠣᠲᠣ ᠪᠣᠯᠲᠠᠯ᠎ᠠ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠣᠯᠣᠨ ᠰᠢᠶᠠᠨ ᠤ ᠠᠵᠢᠯ | ᠣᠯᠭᠤᠯᠲᠠ ᠶᠢᠨ ᠲᠣᠪᠴᠢᠶ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | ᠵᠡᠷᠭᠡ ᠨᠢᠭᠡᠴᠡ ᠬᠠᠮᠲᠤ ᠪᠠᠷ 1 ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠵᠤ᠂ 1 ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠᠶᠢᠭᠤᠯᠵᠠᠢ᠃ ᠨᠢᠩᠴᠧᠩ | ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ 2023 ᠣᠨ ᠤ ᠵᠢᠯ ᠤᠨ ᠡᠴᠦᠰ ᠠᠴᠠ ᠡᠮᠦᠨ᠎ᠡ | ᠰᠤᠷᠭᠠᠭᠤᠯᠢ ᠡᠷᠭᠢᠯᠡᠬᠦ ᠨᠥᠬᠦᠴᠡᠯ ᠨᠢ ᠴᠥᠮ ᠪᠠᠷᠢᠮᠵᠢᠶ᠎ᠠ ᠳᠤ ᠬᠦᠷᠴᠦ᠂ 2024 ᠣᠨ ᠳᠤ 600 ᠡᠷᠳᠡᠮ ᠤᠨ | ᠴᠣᠯᠠ ᠰᠢᠨ᠎ᠡ ᠪᠠᠷ ᠨᠡᠮᠡᠨ᠎ᠡ᠃ 2023 ᠣᠨ ᠤ 9 ᠰᠠᠷ᠎ᠠ ᠳᠤ᠂ ᠨᠢᠩᠴᠧᠩ ᠰᠢᠶᠠᠨ ᠤ ᠮᠣᠩᠭᠤᠯ ᠳᠤᠮᠳᠠᠳᠤ | ᠰᠤᠷᠭᠠᠭᠤᠯᠢ ᠳᠤ 3 ᠲᠤᠰᠬᠠᠢ ᠮᠡᠷᠭᠡᠵᠢᠯ ᠤᠨ ᠠᠩᠭᠢ ᠨᠡᠮᠡᠨ ᠪᠠᠶᠢᠭᠤᠯᠵᠤ᠂ 135 ᠲᠤᠰᠬᠠᠢ ᠮᠡᠷᠭᠡᠵᠢᠯ ᠤᠨ | ᠰᠣᠷᠣᠭᠴᠢ ᠡᠯᠰᠡᠪᠡ᠃ | ᠭᠤᠷᠪᠠ ᠳᠤ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠠᠮᠵᠢᠯᠴᠠᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠪᠠ ︽1+X︾ | ᠦᠨᠡᠮᠯᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠠᠳᠤᠯᠭ᠎ᠠ ᠪᠣᠯᠪᠠᠰᠤᠷᠠᠯ ᠤᠨ ᠲᠠᠰᠤᠭ ᠢ ᠲᠥᠯᠥᠪᠵᠢᠭᠦᠯᠦᠨ | ᠪᠦᠲᠦᠭᠡᠨ ᠪᠠᠶᠢᠭᠤᠯᠤᠨ᠎ᠠ᠃ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ | ᠬᠢᠴᠢᠶᠡᠯ ᠤᠨ ᠵᠢᠭᠠᠨ ᠰᠤᠷᠭᠠᠯᠲᠠ ᠶᠢᠨ ᠵᠠᠭᠪᠤᠷ ᠤᠨ ᠥᠭᠡᠷᠡᠴᠢᠯᠡᠯᠲᠡ ᠶᠢ ᠤᠷᠤᠯᠳᠤᠭᠠᠨ ᠤ ᠲᠥᠪᠯᠡᠷᠡᠭᠦᠯᠦᠨ | ᠪᠣᠯᠪᠠᠰᠤᠷᠠᠭᠤᠯᠬᠤ ᠪᠠᠶᠢᠴᠠᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠤ ᠵᠢᠭᠠᠨ ᠵᠢᠯᠤᠭᠤᠳᠬᠤ ᠪᠠᠭᠰᠢ᠂ ᠲᠠᠮᠢᠷᠴᠢᠨ ᠢ ᠰᠣᠩᠭᠤᠨ ᠲᠣᠬᠢᠷᠠᠭᠤᠯᠬᠤ ᠵᠢᠴᠢ | ᠱᠠᠩᠨᠠᠨ ᠬᠥᠬᠢᠭᠦᠯᠬᠦ ᠠᠷᠭ᠎ᠠ ᠶᠢ ᠨᠡᠶᠢᠲᠡᠯᠡᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠤᠷᠤᠯᠳᠤᠭᠠᠨ ᠤ | ᠤᠷᠤᠯᠳᠤᠭᠠᠨ ᠠᠴᠠ ᠡᠮᠦᠨᠡᠬᠢ ᠲᠥᠪᠯᠡᠷᠡᠭᠦᠯᠦᠨ ᠪᠣᠯᠪᠠᠰᠤᠷᠠᠭᠤᠯᠬᠤ ᠪᠠ ᠤᠷᠤᠯᠳᠤᠭᠠᠨ ᠳᠤ ᠣᠷᠣᠯᠴᠠᠬᠤ ᠶᠢ ᠵᠣᠬᠢᠶᠠᠨ | ᠪᠠᠶᠢᠭᠤᠯᠬᠤ ᠠᠵᠢᠯ ᠢ ᠢᠳᠡᠪᠬᠢᠲᠡᠢ ᠦᠷᠨᠢᠭᠦᠯᠵᠦ᠂ 2023 ᠣᠨ ᠳᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠨᠢ ᠪᠥᠬᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠩᠭ᠍ᠯᠢ ᠬᠡᠯᠡᠨ ᠤ | ᠶᠠᠷᠢᠶᠠᠨ ᠤ ᠬᠡᠯᠡ ᠪᠠ ᠮᠠᠰᠢᠨ ᠲᠡᠷᠭᠡᠨ ᠤ ᠤᠷ᠎ᠠ ᠮᠡᠷᠭᠡᠵᠢᠯ ᠤᠨ ᠤᠷᠤᠯᠳᠤᠭᠠᠨ ᠢ ᠡᠷᠬᠢᠯᠡᠵᠦ᠂ 2023 ᠣᠨ ᠤ | ᠪᠥᠬᠦ ᠬᠤᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ᠂ ᠨᠢᠭᠡᠳᠦᠭᠡᠷ ᠳᠡᠰ ᠤᠨ ᠱᠠᠩᠨᠠᠯ | 13᠂ ᠬᠤᠶᠠᠳᠤᠭᠠᠷ ᠳᠡᠰ ᠤᠨ ᠱᠠᠩᠨᠠᠯ 17᠂ ᠭᠤᠷᠪᠠᠳᠤᠭᠠᠷ ᠳᠡᠰ ᠤᠨ ᠱᠠᠩᠨᠠᠯ 14 ᠭᠥᠷᠳᠡᠪᠡ᠃ 2023 | ᠣᠨ ᠤ ᠪᠥᠬᠦ ᠣᠷᠣᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠨᠢᠭᠡᠳᠦᠭᠡᠷ ᠳᠡᠰ ᠤᠨ | ᠱᠠᠩᠨᠠᠯ 1᠂ ᠬᠤᠶᠠᠳᠤᠭᠠᠷ ᠳᠡᠰ ᠤᠨ ᠱᠠᠩᠨᠠᠯ 5᠂ ᠭᠤᠷᠪᠠᠳᠤᠭᠠᠷ ᠳᠡᠰ ᠤᠨ ᠱᠠᠩᠨᠠᠯ 6 ᠭᠥᠷᠳᠡᠪᠡ᠃ 2023 | ᠣᠨ ᠤ 7 ᠰᠠᠷ᠎ᠠ ᠶᠢᠨ ᠤᠯᠤᠰ ᠤᠨ ᠤᠷᠤᠯᠳᠤᠭᠠᠨ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠳᠤᠭᠤᠶᠢᠯᠠᠩ ᠤᠨ ᠤᠷᠭᠤᠮᠠᠯ ᠤᠨ ᠵᠠᠯᠭᠠᠯᠲᠠ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ᠃ |