ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠦᠷᠢ
ᠨᠡᠶᠢᠲᠡᠯᠡᠭᠰᠡᠨ ᠴᠠᠭ᠄
2023/12/13
ᠬᠦᠯᠢᠶᠡᠨ ᠰᠢᠢᠳᠪᠦᠷᠢᠯᠡᠬᠦ ᠨᠥᠬᠦᠴᠡᠯ︵ᠨᠢᠭᠡ︶ ᠵᠥᠪᠰᠢᠶᠡᠷᠡᠬᠦ ᠨᠥᠬᠦᠴᠡᠯ᠄ ᠨᠢᠩᠴᠧᠩ ᠰᠢᠶᠠᠨ ᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠳ ᠭᠤᠶᠤᠴᠢᠯᠠᠯ ᠤᠨ ᠲᠠᠩᠰᠠ ᠡᠪᠬᠡᠮᠡᠯ ᠢᠶᠠᠨ ᠲᠤᠰᠢᠶᠠᠨ᠎ᠠ᠃︵ᠬᠤᠶᠠᠷ︶ ᠵᠥᠪᠰᠢᠶᠡᠷᠡᠬᠦ ᠦᠭᠡᠢ ᠪᠠᠶᠢᠳᠠᠯ᠄ 1. ᠭᠤᠶᠤᠴᠢᠯᠠᠭᠰᠠᠨ ᠵᠦᠢᠯᠡᠰ ᠨᠢ ᠬᠠᠤᠯᠢ ᠶᠣᠰᠣᠭᠠᠷ ᠭᠠᠴᠠᠭ᠎ᠠ ᠪᠤᠶᠤ ᠨᠡᠶᠢᠭᠡᠮ ᠲᠣᠭᠤᠷᠢᠭ ᠤᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ᠲᠤᠬᠲᠠᠭᠠᠬᠰᠠᠨ ᠦᠨᠳᠦᠰᠦᠯᠡᠯ 【ᠬᠠᠤᠯᠢ ᠴᠠᠭᠠᠵᠠ】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ 72 ᠳ᠋ᠤᠭᠠᠷ ᠲᠣᠭᠠᠲᠤ︶ᠭᠤᠴᠢᠳᠤᠭᠠᠷ ᠵᠦᠢᠯ᠄ ᠤᠷᠳᠤ ᠬᠤᠭᠤᠴᠠᠭ᠎ᠠ ᠪᠠᠷ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠨᠠᠰᠤᠲᠠᠨ ᠳᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠤ ᠴᠢᠳᠠᠪᠤᠷᠢ ᠪᠠᠨ ᠠᠯᠳᠠᠭᠰᠠᠨ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ ᠠᠰᠠᠷᠠᠨ ᠰᠤᠪᠢᠯᠠᠬᠤ ᠨᠥᠬᠦᠪᠦᠷᠢ ᠥᠭᠬᠦ ᠬᠡᠷᠡᠭᠲᠡᠢ᠃ ᠭᠤᠴᠢᠨ ᠭᠤᠷᠪᠠᠳᠤᠭᠠᠷ ᠵᠦᠢᠯ᠄ ᠤᠯᠤᠰ ᠠᠴᠠ ᠨᠠᠰᠤᠲᠠᠶᠢᠴᠤᠳ ᠤᠨ ᠠᠰᠠᠷᠠᠮᠵᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠨᠠᠰᠤᠲᠠᠶᠢᠴᠤᠳ ᠤᠨ ᠨᠡᠶᠢᠭᠡᠮ ᠤᠨ ᠠᠰᠠᠷᠠᠮᠵᠢ ᠶᠢ ᠨᠡᠮᠡᠭᠳᠡᠭᠦᠯᠦᠨ᠎ᠡ᠃ ᠤᠯᠤᠰ ᠠᠴᠠ ᠣᠷᠣᠨ ᠨᠤᠲᠤᠭ ᠤᠨ ᠪᠦᠬᠦᠯᠢ ᠨᠠᠶᠠᠨ ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢᠨ ᠳᠦᠷᠢᠮ ᠪᠠᠶᠢᠭᠤᠯᠬᠤ ᠶᠢ ᠵᠣᠷᠢᠭᠵᠢᠭᠤᠯᠤᠨ᠎ᠠ᠃ ᠭᠤᠴᠢᠨ ᠳᠣᠯᠣᠳᠤᠭᠠᠷ ᠵᠦᠢᠯ᠄ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠲᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠠᠯᠬᠤᠮ ᠠᠯᠬᠤᠮ ᠢᠶᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠥᠭᠬᠦ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ 0421 ᠲᠠᠰᠤᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠰᠤᠭᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠵᠣᠨ ᠤ ᠤᠯᠠᠷᠢᠯ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 30 ︱ 17᠄ 30 ᠡᠪᠦᠯ ᠤᠨ ᠤᠯᠠᠷᠢᠯ ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 15 ︱ 17᠄ 15 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号