| ᠨᠢᠩᠴᠧᠩ ᠰᠢᠶᠠᠨ ᠪᠦᠬᠦ ᠰᠢᠶᠠᠨ ᠤ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ︽ᠬᠤᠪᠢ ᠬᠥᠮᠥᠨ ᠰᠠᠶᠢᠨ ᠳᠤᠷ᠎ᠠ ᠠᠴᠠ ᠪᠠᠨ ᠦᠢᠯᠡᠴᠢᠯᠡᠭᠡ ᠬᠤᠳᠠᠯᠳᠤᠨ ᠠᠪᠬᠤ᠂ | ᠨᠡᠶᠢᠭᠡᠮᠯᠢᠭ ᠠᠴᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠬᠠᠩᠭᠠᠬᠤ᠂ ᠥᠷᠭᠡᠨ ᠤᠯᠠᠨ ᠲᠦᠮᠡᠨ ᠳᠤ ᠦᠢᠯᠡᠴᠢᠯᠡᠭᠡ | ᠬᠦᠷᠲᠡᠭᠡᠬᠦ︾ᠠᠵᠢᠯ ᠤᠨ ᠲᠣᠭᠲᠠᠴᠠ ᠶᠢ ᠪᠠᠷᠢᠮᠲᠠᠯᠠᠵᠤ᠂ ᠳᠠᠭᠠᠳᠬᠠᠯ ᠳᠤ ᠣᠷᠣᠯᠴᠠᠭᠰᠠᠨ ᠭᠡᠷ ᠪᠦᠯᠢ ᠶᠢᠨ ᠪᠠᠶᠢᠳᠠᠯ ᠢ | ᠮᠡᠳᠡᠬᠦ ᠡᠷᠬᠡ᠂ ᠰᠣᠩᠭᠤᠬᠤ ᠡᠷᠬᠡ ᠪᠠ ᠡᠵᠡᠨ ᠮᠡᠳᠡᠬᠦ ᠡᠷᠬᠡ ᠶᠢ ᠦᠨᠡᠨᠬᠦ ᠬᠠᠮᠠᠭᠠᠯᠠᠵᠤ᠂ ᠲᠥᠯᠥᠪᠯᠡᠭᠡᠲᠦ ᠦᠷᠡᠵᠢᠯ ᠤᠨ | ᠭᠡᠷ ᠪᠦᠯᠢ ᠳᠤ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ ᠳᠠᠭᠠᠳᠬᠠᠯ ᠤᠨ ᠪᠠᠲᠤᠯᠠᠪᠤᠷᠢ ᠶᠢᠨ ᠲᠣᠣᠷ ᠢ | ᠪᠠᠶᠢᠭᠤᠯᠵᠤ ᠥᠭᠴᠡᠢ᠃ | ᠡᠨᠡ ᠵᠢᠯ᠂ ᠪᠦᠬᠦ ᠰᠢᠶᠠᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠢ ᠬᠤᠷᠢᠶᠠᠬᠤ ᠠᠵᠢᠯ | ᠰᠢᠨ᠎ᠡ ᠰᠢᠪᠲᠤᠯᠤᠯᠲᠠ ᠲᠠᠢ ᠪᠣᠯᠵᠤ᠂ 119.335 ᠲᠦᠮᠡᠨ ᠲᠥᠭᠦᠷᠢᠭ ᠤᠨ ᠳᠠᠭᠠᠳᠬᠠᠯ ᠤᠨ ᠵᠠᠷᠤᠳᠠᠯ ᠬᠤᠷᠢᠶᠠᠵᠤ | ᠂ ᠨᠡᠶᠢᠲᠡ 40.83 ᠲᠦᠮᠡᠨ ᠲᠥᠭᠦᠷᠢᠭ ᠤᠨ ᠲᠥᠯᠥᠪᠦᠷᠢ ᠥᠭᠴᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ | ᠵᠠᠷᠤᠳᠠᠯ ᠨᠡᠯᠢᠶᠡᠳ ᠳᠣᠣᠷ᠎ᠠ ᠳᠠᠭᠠᠳᠬᠠᠯ ᠤᠨ ᠵᠠᠷᠤᠳᠠᠯ ᠢᠶᠠᠷ ᠳᠡᠮᠵᠢᠨ᠂ ᠨᠡᠯᠢᠶᠡᠳ ᠪᠦᠷᠢᠨ ᠨᠡᠯᠢᠶᠡᠳ ᠥᠨᠳᠥᠷ | ᠳᠠᠭᠠᠳᠬᠠᠯ ᠤᠨ ᠮᠥᠩᠭᠦ ᠣᠯᠵᠤ᠂ ᠭᠡᠷ ᠪᠦᠯᠢ ᠶᠢᠨ ᠳᠣᠲᠣᠷᠠᠬᠢ ᠡᠯ᠎ᠡ ᠲᠥᠷᠥᠯ ᠤᠨ ᠬᠥᠮᠥᠰ ᠤᠨ ᠡᠮ ᠡᠮᠨᠡᠯᠭᠡ ᠶᠢᠨ | ᠵᠠᠷᠤᠳᠠᠯ ᠤᠨ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ | ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠲᠡᠷᠢᠭᠦᠨ ᠤ ᠨᠢᠭᠡᠴᠡ︾ ᠪᠠ ᠬᠤᠲᠠ ᠶᠢᠨ ᠲᠠᠰ ᠤᠨ | ︽ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠲᠡᠷᠢᠭᠦᠨ ᠤ ᠬᠠᠮᠲᠤ︾ ᠶᠢᠨ ᠴᠣᠯᠠ ᠭᠥᠷᠳᠡᠪᠡ᠃ | | ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠣᠯᠠᠨ ᠠᠷᠭ᠎ᠠ ᠵᠠᠮ ᠢᠶᠠᠷ᠂ ᠣᠯᠠᠨ ᠬᠦᠷᠢᠶ᠎ᠡ ᠬᠡᠪᠴᠢᠶ᠎ᠡ ᠶᠢ | ᠥᠷᠭᠡᠳᠬᠡᠬᠦ᠂ ᠣᠯᠠᠨ ᠠᠷᠭ᠎ᠠ ᠮᠠᠶ᠋ᠢᠭ ᠢᠶᠠᠷ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠲᠥᠯᠥᠪᠯᠡᠭᠡᠲᠦ ᠦᠷᠡᠵᠢᠯ ᠤᠨ | ᠰᠢᠷᠢᠰ ᠳᠠᠭᠠᠳᠬᠠᠯ ᠢ ᠪᠣᠳᠠᠲᠠᠶᠢᠵᠢᠭᠤᠯᠤᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠨᠠᠩ ᠣᠯᠠᠨ ᠭᠡᠷ ᠪᠦᠯᠢ ᠳᠤ | ᠳᠠᠭᠠᠳᠬᠠᠯ ᠤᠨ ᠪᠠᠲᠤᠯᠠᠭ᠎ᠠ ᠶᠢ ᠬᠦᠷᠭᠡᠨ ᠥᠭᠴᠦ᠂ ᠭᠡᠷ ᠪᠦᠯᠢ ᠳᠤ ︽ ᠡᠷᠡᠭᠦᠯ ᠮᠡᠨᠳᠦ ᠶᠢᠨ ᠡᠭᠦᠳᠡ︾ | ᠲᠠᠭᠠᠷᠠᠭᠤᠯᠵᠤ ᠥᠭᠭᠦᠨ᠎ᠡ᠃ |