ᠨᠢᠩᠴᠧᠩ ᠰᠢᠶᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2023/12/14
ᠨᠢᠭᠡ ᠳᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠨᠠᠰᠤᠨ ᠤ ᠪᠦᠲᠦᠴᠡ᠂ ᠰᠣᠶᠣᠯ ᠤᠨ ᠬᠢᠷᠢ ᠬᠡᠮᠵᠢᠶ᠎ᠡ᠂ ᠤᠷ᠎ᠠ ᠮᠡᠷᠭᠡᠵᠢᠯ ᠤᠨ ᠬᠢᠷᠢ ᠬᠡᠮᠵᠢᠶ᠎ᠡ᠂ ᠠᠵᠢᠯ ᠣᠯᠣᠭᠰᠠᠨ ᠪᠠᠶᠢᠳᠠᠯ ᠪᠠ ᠪᠣᠯᠪᠠᠰᠤᠷᠠᠯ ᠤᠨ ᠬᠦᠰᠡᠯ ᠵᠡᠷᠭᠡ ᠰᠠᠭᠤᠷᠢ ᠮᠡᠳᠡᠭᠡ ᠵᠠᠩᠭᠢ  ᠶᠢ ᠣᠨᠣᠪᠴᠢᠲᠠᠶ ᠡᠵᠡᠮᠰᠢᠵᠦ᠂ ᠲᠤᠭ᠎ᠠ ᠪᠦᠷᠢᠳᠬᠡᠯ᠂ ᠲᠤᠭ᠎ᠠ ᠪᠠᠷᠢᠮᠲᠠ ᠣᠨᠣᠪᠴᠢᠲᠠᠢ᠂ ᠪᠠᠶᠢᠳᠠᠯ ᠲᠣᠳᠣᠷᠬᠠᠢ ᠪᠠᠶᠢᠬᠤ ᠶᠢ ᠦᠨᠡᠨᠬᠦ ᠡᠴᠦᠰ ᠲᠤᠨᠢ ᠲᠤᠯᠲᠠᠯ᠎ᠠ ᠬᠢᠵᠦ᠂ ᠪᠦᠬᠦ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠦᠭᠰᠡᠨ ᠦᠭᠡᠢ᠂ ᠣᠨᠣᠪᠴᠢᠲᠠᠢ ᠡᠵᠡᠮᠰᠢᠭᠰᠡᠨ ᠦᠭᠡᠢ᠂ ᠪᠣᠯᠪᠠᠰᠤᠷᠠᠯ ᠳᠤ ᠣᠷᠣᠯᠴᠠᠭᠰᠠᠨ ᠨᠤᠷᠮ᠎ᠠ᠂ ᠪᠣᠯᠪᠠᠰᠤᠷᠠᠯ ᠤᠨ ᠨᠤᠷᠮ᠎ᠠ ᠥᠨᠳᠥᠷ ᠪᠢᠰᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠢᠯ ᠣᠯᠵᠤ ᠦᠢᠯᠡᠰ ᠪᠣᠰᠬᠠᠬᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠬᠤᠶᠠᠷ ᠲᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠬᠤᠶᠠᠷ ᠤᠯᠠᠷᠢᠯ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠵᠣᠬᠢᠴᠠᠬᠤ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠴᠡᠷᠢᠭ ᠤᠨ ᠠᠯᠪᠠᠨ ᠠᠴᠠ ᠬᠠᠯᠠᠬᠳᠠᠬᠰᠠᠨ 100 ᠬᠥᠮᠥᠨ ᠢ ᠵᠣᠬᠢᠶᠠᠨ ᠪᠠᠶᠢᠭᠤᠯᠵᠤ ᠪᠠᠶᠢᠭᠠᠳ ᠰᠠᠢ ᠹᠧᠢ ᠶᠠ ᠪᠦᠯᠦᠭᠯᠡᠯ᠂ ᠵᠢᠶᠠᠨ ᡁᠢ ᠬᠤᠭᠤᠯᠠᠢ ᠶᠢᠨ ᠦᠢᠯᠡᠰ ᠵᠡᠷᠭᠡ ᠬᠥᠲᠥᠴᠢ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠵᠦ ᠰᠤᠷᠤᠯᠴᠠᠭᠤᠯᠪᠠ᠃ ᠵᠢᠯᠣᠭᠤᠴᠢ ᠦᠭᠡᠢ ᠨᠢᠰᠬᠡᠯ ᠢᠶᠠᠷ ᠠᠵᠢᠯᠯᠠᠭᠤᠯᠬᠤ᠂ ᠳᠠᠷᠢᠵᠤ ᠲᠡᠵᠢᠭᠡᠨ ᠦᠷᠡᠵᠢᠭᠦᠯᠬᠦ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ᠂ B2 ᠵᠢᠯᠣᠭᠤᠴᠢ ᠶᠢᠨ ᠦᠨᠡᠮᠯᠡᠯ᠂ ᠠᠵᠢᠯ ᠦᠢᠯᠡᠰ ᠤᠨ ᠨᠢᠭᠡᠴᠡ ᠶᠢᠨ ᠬᠠᠮᠲᠤᠷᠠᠭᠰᠠᠨ ᠰᠢᠯᠭᠠᠯᠲᠠ ᠶᠢᠨ ᠪᠣᠯᠪᠠᠰᠤᠷᠠᠭᠤᠯᠤᠯ ᠤᠨ ᠠᠩᠭᠢ ᠡᠷᠭᠢᠯᠡᠵᠦ᠂ ᠴᠡᠷᠢᠭ ᠤᠨ ᠠᠯᠪᠠᠨ ᠠᠴᠠ  ᠬᠠᠯᠠᠬᠳᠠᠬᠰᠠᠨ 130 ᠭᠠᠷᠤᠢ ᠬᠦᠮᠦᠨ ᠢᠳᠡᠪᠬᠢᠲᠡᠢ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮ ᠤᠨ ᠦᠨᠡᠮᠯᠡᠯ ᠣᠯᠣᠭᠰᠠᠨ ᠪᠠᠶᠢᠨ᠎ᠠ᠃ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠵᠣᠬᠢᠶᠠᠨ ᠪᠠᠶᠢᠭᠤᠯᠤᠨ ᠬᠤᠲᠠ᠂ ᠰᠢᠶᠠᠨ ᠤ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠬᠤᠷᠠᠯ ᠳᠤ 4 ᠤᠳᠠᠭ᠎ᠠ ᠣᠷᠣᠯᠴᠠᠭᠤᠯᠵᠤ᠂ 600 ᠭᠠᠷᠤᠢ ᠠᠵᠢᠯ ᠤᠨ ᠪᠠᠶᠢᠷᠢ ᠬᠠᠩᠭᠠᠵᠤ᠂ 100 ᠭᠠᠷᠤᠢ ᠬᠥᠮᠥᠨ ᠳᠤ ᠪᠣᠳᠠᠲᠠᠢ ᠠᠵᠢᠯ ᠣᠯᠭᠤᠪᠠ᠃ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠢᠳᠡᠪᠬᠢᠲᠡᠢ ᠪᠠᠷ ᠳᠠᠶᠢᠴᠢᠯᠠᠨ ᠦᠷᠭᠦᠯᠵᠢᠯᠡᠭᠰᠡᠨ ᠰᠤᠷᠭᠠᠨ ᠬᠥᠮᠦᠵᠢᠯ ᠳᠤ ᠣᠷᠣᠯᠴᠠᠭᠤᠯᠵᠤ᠂ ᠰᠤᠷᠤᠯᠭ᠎ᠠ ᠶᠢᠨ ᠨᠠᠮᠲᠠᠷ ᠪᠠ ᠬᠡᠪ ᠴᠢᠨᠠᠷ ᠢ ᠨᠢ ᠳᠡᠭᠡᠭᠰᠢᠯᠡᠭᠦᠯᠦᠨ᠂ ᠨᠡᠶᠢᠲᠡ 40 ᠭᠠᠷᠤᠢ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠬᠠᠪᠰᠤᠷᠤᠨ ︽ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ︾ ᠰᠤᠷᠤᠯᠭ᠎ᠠ ᠶᠢᠨ ᠨᠠᠮᠲᠠᠷ ᠢ ᠨᠢ ᠳᠡᠭᠡᠭᠰᠢᠯᠡᠭᠦᠯᠵᠦ᠂ 63 ᠬᠥᠮᠥᠨ ᠢ ᠰᠤᠷᠭᠠᠭᠤᠯᠢ ᠳᠤᠨᠢ ᠪᠤᠴᠠᠭᠠᠨ ᠰᠤᠷᠤᠯᠭ᠎ᠠ ᠶᠢ ᠨᠢ ᠰᠡᠷᠭᠦᠭᠡᠪᠡ᠂ ᠡᠭᠦᠨ ᠳᠤ 11 ᠬᠥᠮᠥᠨ ᠨᠢ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠪᠡ᠃  ᠭᠤᠷᠪᠠ ᠳᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠲᠤᠰᠬᠠᠢ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠠᠵᠢᠯ ᠣᠯᠬᠤ ᠳᠤ ᠬᠦᠴᠢᠷᠲᠡᠢ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠴᠢᠭᠯᠡᠭᠦᠯᠦᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠲᠤᠰᠬᠠᠢ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠶᠡᠭᠡ ᠪᠠᠷ ᠨᠡᠭᠡᠭᠡᠨ ᠬᠥᠭᠵᠢᠭᠦᠯᠵᠦ᠂ ᠣᠲᠣ ᠪᠣᠯᠲᠠᠯ᠎ᠠ ᠨᠢᠭᠡᠨᠲᠡ 320 ᠨᠥᠬᠦᠴᠡᠯ ᠳᠤ ᠨᠡᠶᠢᠴᠡᠬᠦ ᠬᠥᠮᠥᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ ᠠᠵᠢᠯ ᠤᠨ ᠪᠠᠶᠢᠷᠢ ᠳᠤ ᠭᠠᠷᠪᠠ᠃ ᠲᠤᠰᠬᠠᠢ ᠵᠦᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠯᠪᠠᠨ ᠭᠡᠷ ᠢ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠥᠮᠥᠨ ᠬᠡᠷᠡᠭᠯᠡᠬᠦ ᠨᠢᠭᠡᠴᠡ ᠶᠢ ᠵᠣᠬᠢᠴᠠᠭᠤᠯᠵᠤ ᠪᠠᠶᠢᠭᠠᠳ ᠨᠢᠭᠡᠨᠲᠡ ᠠᠵᠢᠯ ᠤᠨ ᠪᠠᠶᠢᠷᠢ ᠳᠤ ᠭᠠᠷᠤᠭᠰᠠᠨ ᠬᠥᠮᠥᠰ ᠤᠨ ᠠᠵᠢᠯ ᠤᠨ ᠳᠤᠮᠳᠠ ᠲᠣᠬᠢᠶᠠᠯᠳᠤᠭᠰᠠᠨ ᠴᠠᠯᠢᠩ ᠣᠯᠭᠤᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠠᠵᠢᠯᠴᠢᠨ ᠤ ᠡᠪᠯᠡᠯ ᠳᠤ ᠣᠷᠣᠬᠤ ᠵᠡᠷᠭᠡ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号