| | | ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠴᠣᠩᠬᠤᠨ ᠤ ᠬᠦᠯᠢᠶᠡᠨ | ᠠᠪᠤᠭᠰᠠᠨ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠪᠠᠷ ᠭᠤᠶᠤᠴᠢᠯᠠᠭᠴᠢ ᠶᠢᠨ ᠭᠤᠶᠤᠴᠢᠯᠠᠯ ᠤᠨ | ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠦᠨᠡᠨ ᠪᠣᠳᠠᠲᠠᠢ᠂ ᠳᠠᠩᠰᠠᠯᠠᠬᠤ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠳᠤ ᠬᠠᠷᠢᠶᠠᠯᠠᠭᠳᠠᠵᠤ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ᠃ ︵ᠬᠤᠶᠠᠷ︶ ᠵᠦᠪᠰᠢᠶᠡᠷᠡᠬᠦ | ᠪᠠᠶᠢᠳᠠᠯ᠄ 1. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ 2. | ᠬᠠᠷᠠᠬᠠᠨ ᠰᠢᠢᠳᠪᠦᠷᠢᠯᠡᠭᠡᠳᠦᠢ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ 3. ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠠᠩᠰᠠᠯᠠᠵᠤ ᠥᠭᠬᠦ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ | ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠪᠠᠶᠢᠬᠤ ᠦᠭᠡᠢ | ᠦᠨᠳᠦᠰᠦᠯᠡᠯ ᠲᠣᠭᠲᠠᠭᠠᠬᠤ | ︽ᠪᠣᠳᠠᠰ ᠤᠨ ᠡᠷᠬᠡ ᠶᠢᠨ ᠬᠠᠤᠯᠢ︾ ᠶᠢᠨ ᠠᠷᠪᠠᠳᠤᠭᠠᠷ ᠵᠦᠢᠯ᠄ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ | ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠤᠮᠵᠢ ᠠᠴᠠ ᠭᠦᠢᠴᠡᠳᠬᠡᠨ᠎ᠡ᠃ | ᠤᠯᠤᠰ ᠠᠴᠠ ᠦᠯᠦ ᠬᠥᠳᠡᠯᠬᠦ ᠬᠥᠷᠥᠩᠭᠡ ᠳᠤ ᠨᠢᠭᠡᠳᠦᠯᠲᠡᠢ ᠳᠠᠩᠰᠠᠯᠠᠬᠤ ᠳᠦᠷᠢᠮ ᠢ ᠬᠡᠷᠡᠭᠵᠢᠭᠦᠯᠦᠨ᠎ᠡ᠃ | ᠨᠢᠭᠡᠳᠦᠯᠲᠡᠢ ᠳᠠᠩᠰᠠᠯᠠᠬᠤ ᠬᠦᠷᠢᠶ᠎ᠡ ᠬᠡᠪᠴᠢᠶ᠎ᠡ᠂ ᠳᠠᠩᠰᠠᠯᠠᠬᠤ ᠪᠠᠶᠢᠭᠤᠯᠤᠮᠵᠢ ᠪᠠ ᠳᠠᠩᠰᠠᠯᠠᠬᠤ ᠠᠷᠭ᠎ᠠ ᠶᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠨ᠎ᠠ᠃ | ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 656 ᠳ᠋ᠤᠭᠠᠷ ᠲᠣᠭᠠᠲᠤ︶ ᠤᠨ ᠭᠤᠷᠪᠠᠳᠤᠭᠠᠷ ᠵᠦᠢᠯ᠄ ᠥᠯᠥ ᠬᠥᠳᠡᠯᠬᠦ | ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ᠂ ᠬᠤᠪᠢᠷᠠᠭᠤᠯᠬᠤ ᠳᠠᠩᠰᠠᠯᠠᠯᠲᠠ᠂ ᠰᠢᠯᠵᠢᠭᠦᠯᠬᠦ ᠳᠠᠩᠰᠠᠯᠠᠯᠲᠠ᠂ | ᠬᠦᠴᠦᠨ ᠦᠭᠡᠢ ᠪᠣᠯᠭᠠᠬᠤ ᠳᠠᠩᠰᠠᠯᠠᠯᠲᠠ᠂ ᠵᠠᠯᠠᠷᠠᠭᠤᠯᠬᠤ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ᠂ | ᠤᠷᠢᠳᠴᠢᠯᠠᠨ ᠮᠡᠳᠡᠭᠳᠡᠬᠦ ᠳᠠᠩᠰᠠᠯᠠᠯᠲᠠ᠂ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯᠲᠠ ᠵᠡᠷᠭᠡ ᠳᠤ ᠲᠣᠰ ᠳᠦᠷᠢᠮ ᠢ | ᠬᠡᠷᠡᠭᠯᠡᠨ᠎ᠡ᠃ ᠳᠥᠷᠪᠡᠳᠦᠭᠡᠷ ᠵᠦᠢᠯ᠄ ᠤᠯᠤᠰ ᠠᠴᠠ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ | ᠳᠦᠷᠢᠮ ᠢ ᠬᠡᠷᠡᠭᠵᠢᠭᠦᠯᠦᠨ᠎ᠡ᠃ ᠵᠢᠷᠭᠤᠳᠤᠭᠠᠷ ᠵᠦᠢᠯ᠄ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠨᠤᠲᠤᠭ | ᠳᠡᠪᠢᠰᠬᠡᠷ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠢ ᠵᠢᠯᠤᠭᠤᠳᠬᠤ᠂ ᠲᠡᠭᠦᠨ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢᠭᠡ ᠰᠠᠯᠠᠭ᠎ᠠ ᠮᠥᠴᠢᠷ ᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠲᠣᠭᠲᠠᠭᠠᠵᠤ᠂ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠳᠡᠭᠡᠳᠦ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠵᠢᠯᠣᠭᠤᠳᠤᠯᠭ᠎ᠠ᠂ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠪᠤᠳᠤᠭᠠᠷ ᠵᠦᠢᠯ᠄ ᠳᠣᠣᠷ᠎ᠠ ᠵᠢᠭᠰᠠᠭᠠᠭᠰᠠᠨ ᠦᠯᠦ ᠬᠥᠳᠡᠯᠬᠦ | ᠬᠥᠷᠥᠩᠭᠡ ᠶᠢᠨ ᠡᠷᠬᠡ ᠶᠢ ᠲᠤᠰ ᠳᠦᠷᠢᠮ ᠤᠨ ᠲᠣᠭᠲᠠᠭᠠᠯ ᠶᠣᠰᠣᠭᠠᠷ ᠳᠠᠩᠰᠠᠯᠠᠭᠤᠯᠤᠨ᠎ᠠ᠄ ︵ᠨᠢᠭᠡ︶ ᠬᠠᠮᠲᠤ ᠶᠢᠨ | ᠭᠠᠵᠠᠷ ᠰᠢᠷᠣᠢ ᠶᠢᠨ ᠥᠮᠴᠢᠯᠡᠯ ᠤᠨ ᠡᠷᠬᠡ ︵ᠬᠤᠶᠠᠷ︶ ᠭᠡᠷ ᠪᠠᠶᠢᠰᠢᠩ ᠵᠡᠷᠭᠡ ᠪᠠᠷᠢᠯᠭ᠎ᠠ᠂ ᠪᠠᠷᠢᠯᠭ᠎ᠠ ᠶᠢᠨ ᠡᠳ᠋ ᠢ | ᠥᠮᠴᠢᠯᠡᠬᠦ ᠡᠷᠬᠡ ︵ᠭᠤᠷᠪᠠ︶ ᠤᠢ ᠰᠢᠭᠤᠢ᠂ ᠤᠢ ᠮᠣᠳᠣ ᠶᠢ ᠥᠮᠴᠢᠯᠡᠬᠦ ᠡᠷᠬᠡ (ᠲᠤᠶᠢᠷᠪᠡ) ᠲᠠᠷᠢᠶᠠᠨ ᠭᠠᠵᠠᠷ᠂ | ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠶᠢᠨ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ︵ᠲᠠᠪᠤ︶ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ︵ᠵᠢᠷᠭᠤᠭ᠎ᠠ︶ ᠣᠷᠣᠨ ᠰᠠᠭᠤᠴᠠ ᠶᠢᠨ ᠭᠠᠵᠠᠷ ᠢ | ᠬᠡᠷᠡᠭᠯᠡᠬᠦ ᠡᠷᠬᠡ (ᠲᠤᠯᠤᠭ᠎ᠠ) ᠲᠡᠯᠡᠢ ᠶᠢᠨ ᠣᠷᠣᠨ ᠢ ᠬᠡᠷᠡᠭᠯᠡᠬᠦ ᠡᠷᠬᠡ ︵ᠨᠠᠢᠮᠠ︶ ᠭᠠᠵᠠᠷ ᠤᠨ ᠬᠥᠷᠥᠰᠥ ᠠᠰᠢᠭᠯᠠᠬᠤ | ᠡᠷᠬᠡ (ᠶᠢᠰᠦ) ᠪᠠᠷᠢᠴᠠᠭᠠᠯᠠᠬᠤ ᠡᠷᠬᠡ ︵ᠠᠷᠪᠠ︶ ᠬᠠᠤᠯᠢ ᠴᠠᠭᠠᠵᠠ ᠳᠤ ᠳᠠᠩᠰᠠᠯᠠᠭᠤᠯᠬᠤ ᠴᠢᠬᠤᠯᠠᠲᠠᠢ ᠭᠡᠵᠦ | ᠲᠣᠭᠲᠠᠭᠠᠭᠰᠠᠨ ᠪᠤᠰᠤᠳ ᠦᠯᠦ ᠬᠥᠳᠡᠯᠬᠦ ᠬᠥᠷᠥᠩᠭᠡ ᠶᠢᠨ ᠡᠷᠬᠡ᠃ ᠳᠣᠯᠣᠳᠤᠭᠠᠷ ᠵᠦᠢᠯ᠄ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠥᠷᠥᠩᠭᠡ ᠰᠢᠭᠤᠳ ᠬᠠᠷᠢᠶ᠎ᠠ ᠬᠤᠲᠠ᠂ ᠨᠡᠶᠢᠭᠡᠮ | ᠲᠣᠭᠤᠷᠢᠭ ᠤᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠱᠠᠲᠤᠨ ᠤ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠬᠠᠷᠢᠶ᠎ᠠ ᠲᠣᠭᠤᠷᠢᠭ ᠤᠳ ᠤᠨ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ ᠨᠢᠭᠡᠳᠦᠯᠲᠡᠢ ᠬᠢᠯᠭᠡᠬᠦ ᠪᠠᠷ ᠲᠣᠭᠲᠠᠭᠠᠵᠤ ᠪᠣᠯᠣᠨ᠎ᠠ᠃ | ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ | ᠳᠦᠷᠢᠮ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠵᠠᠷᠯᠢᠭ 63 ᠳ᠋ᠤᠭᠠᠷ ᠲᠣᠭᠠᠲᠤ︶ | ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾ | ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠬᠠᠤᠯᠢ ᠲᠣᠭᠲᠠᠭᠠᠯ ﹇2016﹈ 6 ᠳ᠋ᠤᠭᠠᠷ ᠲᠣᠭᠠᠲᠤ︶ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ | ᠵᠡᠭᠦᠨ ᠲᠢᠩᠬᠢᠮ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠶᠡᠭᠡ ᠲᠢᠩᠬᠢᠮ ᠤᠨ ᠶᠡᠷᠦᠩᠬᠡᠶᠢᠯᠡᠭᠰᠡᠨ | ᠭᠥᠯᠢᠶᠡᠨ ᠠᠪᠴᠤ ᠰᠢᠢᠳᠪᠦᠷᠢᠯᠡᠬᠦ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8 ᠴᠠᠭ ᠠᠴᠠ 11. | 30᠂ ᠦᠳᠡ ᠶᠢᠨ ᠬᠤᠶᠢᠨᠠᠬᠢ 2.00 ᠠᠴᠠ 5.00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠪᠠᠭᠲᠠᠬᠤ ᠦᠭᠡᠢ︶ |