ᠬᠤᠪᠢ ᠬᠥᠮᠥᠨ ᠤ ᠡᠷᠬᠡ ᠠᠰᠢᠭ ᠤᠨ ᠲᠡᠮᠳᠡᠭᠯᠡᠯ ᠢ ᠪᠠᠶᠢᠴᠠᠭᠠᠨ ᠯᠠᠪᠯᠠᠬᠤ
ᠨᠡᠶᠢᠲᠡᠯᠡᠭᠰᠡᠨ ᠴᠠᠭ᠄
2023/12/18
ᠬᠦᠯᠢᠶᠡᠨ ᠰᠢᠢᠳᠪᠦᠷᠢᠯᠡᠬᠦ ᠨᠥᠬᠦᠴᠡᠯ︵ᠨᠢᠭᠡ︶ ᠵᠥᠪᠰᠢᠶᠡᠷᠡᠬᠦ ᠨᠥᠬᠦᠴᠡᠯ᠄ 1. ᠲᠤᠰ ᠰᠢᠶᠠᠨ ᠤ ᠳᠣᠲᠣᠷᠠᠬᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠴᠢ ᠠᠮᠢᠳᠤᠯᠢᠭ ᠢᠶᠠᠷ ᠠᠵᠢᠯ ᠣᠯᠣᠭᠰᠠᠳ᠃ 2. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠨᠥᠬᠦᠴᠡᠯ ᠳᠤ ᠨᠡᠶᠢᠴᠡᠭᠰᠡᠨ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭᠠᠬᠤ ᠬᠥᠮᠥᠰ᠃ ︵ᠬᠤᠶᠠᠷ︶ ᠵᠦᠪᠰᠢᠶᠡᠷᠡᠬᠦ ᠦᠭᠡᠢ ᠪᠠᠶᠢᠳᠠᠯ᠄ ᠳᠡᠭᠡᠷ᠎ᠡ ᠳᠤᠷᠠᠳᠤᠭᠰᠠᠨ ᠨᠥᠬᠦᠴᠡᠯ ᠳᠤ ᠦᠯᠦ ᠨᠡᠶᠢᠴᠡᠬᠦ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠢ ᠪᠤᠰᠤᠳ ᠪᠠᠶᠢᠳᠠᠯ᠄ ᠪᠠᠶᠢᠬᠤ ᠦᠭᠡᠢᠦᠨᠳᠦᠰᠦᠯᠡᠯ ᠲᠣᠭᠲᠠᠭᠠᠬᠤ1.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠳᠥᠷᠪᠡᠳᠦᠭᠡᠷ ᠵᠦᠢᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠳᠠᠭᠠᠨ ᠰᠦᠢᠳᠬᠡᠯ ᠲᠤᠰᠢᠶᠠᠭᠰᠠᠨ ᠲᠡᠮᠳᠡᠭᠯᠡᠯ ᠢ ᠪᠠᠶᠢᠴᠠᠭᠠᠨ ᠯᠠᠪᠯᠠᠬᠤ ᠡᠷᠬᠡ ᠲᠠᠢ2. ︽ᠨᠡᠶᠢᠭᠡᠮ ᠤᠨ ᠳᠠᠭᠠᠳᠬᠠᠯ ᠤᠨ ᠬᠤᠪᠢ ᠬᠥᠮᠥᠨ ᠤ ᠡᠷᠬᠡ ᠠᠰᠢᠭ ᠢ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 14 ᠳ᠋ᠤᠭᠡᠷ ᠲᠣᠭᠠᠲᠤ︶ ᠶᠢᠨ ᠠᠷᠪᠠᠨ ᠳᠥᠷᠪᠡᠳᠦᠭᠡᠷ ᠵᠦᠢᠯ᠄ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠳᠠᠭᠠᠳᠬᠠᠯ ᠳᠤ ᠣᠷᠣᠯᠴᠠᠭᠴᠢ ᠵᠢᠴᠢ ᠬᠥᠮᠥᠨ ᠬᠡᠷᠡᠭᠯᠡᠬᠦ ᠨᠢᠭᠡᠴᠢ ᠳᠤ ᠨᠡᠶᠢᠭᠡᠮ ᠤᠨ ᠳᠠᠭᠠᠳᠬᠠᠯ ᠤᠨ ᠬᠤᠪᠢ ᠬᠥᠮᠥᠨ ᠤ ᠡᠷᠬᠡ ᠠᠰᠢᠭ ᠤᠨ ᠲᠡᠮᠳᠡᠭᠯᠡᠯ ᠤᠨ ᠪᠠᠶᠢᠴᠠᠭᠠᠨ ᠯᠠᠪᠯᠠᠬᠤ ᠵᠢᠷᠤᠮ ᠢ ᠨᠡᠭᠡᠭᠡᠵᠦ᠂ ᠪᠠᠶᠢᠴᠠᠭᠠᠨ ᠯᠠᠪᠯᠠᠵᠤ ᠪᠣᠯᠬᠤ ᠠᠭᠤᠯᠭ᠎ᠠ ᠶᠢ ᠵᠠᠭᠠᠭᠯᠠᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠶᠢᠨ ᠲᠣᠣᠷ ᠴᠡᠭ ᠢᠶᠠᠷ ᠳᠠᠮᠵᠢᠬᠤ ᠬᠡᠷᠡᠭᠲᠡᠢ᠂ ᠥᠪᠡᠰᠦᠪᠡᠨ ᠦᠢᠯᠡᠴᠢᠯᠡᠬᠦ ᠦᠵᠦᠭᠦᠷ ᠪᠤᠶᠤ ᠳ᠋ᠢᠶᠠᠩᠬᠤᠸᠠ᠂ ᠰᠦᠯᠵᠢᠶᠡᠨ ᠥᠷᠲᠡᠭᠡ ᠵᠡᠷᠭᠡ ᠠᠷᠭ᠎ᠠ ᠮᠠᠶ᠋ᠢᠭ ᠢᠶᠠᠷ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃3. ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2014﹈ 23 ᠳ᠋ᠤᠭᠠᠷ ᠲᠣᠭᠠᠲᠤ︶ ᠤᠨ ᠬᠤᠷᠢᠨ ᠨᠢᠭᠡᠳᠦᠭᠡᠷ ᠵᠦᠢᠯ᠄ ᠳᠠᠭᠠᠳᠬᠠᠯ ᠳᠤ ᠣᠷᠣᠯᠴᠠᠭᠰᠠᠳ ᠰᠢᠶᠠᠨ ᠤ ᠨᠡᠶᠢᠭᠡᠮ ᠤᠨ ᠳᠠᠭᠠᠳᠬᠠᠯ ᠤᠨ ᠪᠠᠶᠢᠭᠤᠯᠤᠮᠵᠢ ᠳᠤ ᠬᠦᠷᠴᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠡᠷᠡᠭ ᠡᠷᠬᠢᠯᠡᠬᠦ ᠭᠠᠵᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠨᠠᠷᠢᠨ ᠬᠦᠰᠦᠨᠦᠭᠲᠦ︾ ᠶᠢ ᠳᠠᠷᠤᠮᠠᠯᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠪᠠᠶᠢᠭᠤᠯᠤᠮᠵᠢ ᠵᠢᠯ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠥᠨ ᠤ ᠡᠷᠬᠡ ᠶᠢ ᠡᠳ᠋ᠯᠡᠬᠦ ᠬᠡᠷᠡᠭᠲᠡᠢ᠃ ᠠᠰᠢᠭ ᠲᠤᠰᠠ ᠶᠢᠨ ᠲᠡᠮᠳᠡᠭᠯᠡᠯ ᠤᠨ ᠬᠠᠭᠤᠳᠠᠰᠤ ᠶᠢᠨ ᠠᠭᠤᠯᠭ᠎ᠠ ᠶᠢ ᠲᠤᠰ ᠬᠥᠮᠥᠨ ᠳᠤᠨᠢ ᠮᠡᠳᠡᠭᠳᠡᠨ᠎ᠡ᠃4. ︽︿ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠳᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2015﹈ 32 ᠳ᠋ᠤᠭᠠᠷ ᠲᠣᠭᠠᠲᠤ︶ ᠤᠨ ᠶᠡᠷᠡᠨ ᠬᠤᠶᠠᠳᠤᠭᠠᠷ ᠵᠦᠢᠯ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢᠭᠦᠢᠴᠡᠳᠬᠡᠬᠦ ᠭᠠᠵᠠᠷ᠄ ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 1 ᠳᠠᠪᠬᠤᠷᠭ᠎ᠠ ᠶᠢᠨ ᠵᠡᠭᠦᠨ ᠲᠠᠯ᠎ᠠᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠵᠣᠨ ᠤ ᠤᠯᠠᠷᠢᠯ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 30 ︱ 17᠄ 30 ᠡᠪᠦᠯ ᠤᠨ ᠤᠯᠠᠷᠢᠯ ᠄ ᠦᠳᠡ ᠶᠢᠨ ᠡᠮᠦᠨᠡᠬᠢ 8᠄ 00 ︱ 11᠄ 30᠂ ᠦᠳᠡ ᠶᠢᠨ ᠬᠤᠶᠢᠨᠠᠬᠢ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号