ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠬᠠᠤᠯᠢᠴᠢ ᠶᠢᠨ ᠬᠠᠮᠢᠶᠠᠷᠤᠯᠲᠠ ᠶᠢᠨ  ᠬᠡᠷᠡᠭᠵᠢᠭᠦᠯᠬᠦ ᠠᠷᠭ᠎ᠠ ︵ᠨᠢᠭᠡ︶
ᠨᠡᠶᠢᠲᠡᠯᠡᠭᠰᠡᠨ ᠴᠠᠭ᠄
2023/12/18
         ᠨᠢᠭᠡᠳᠦᠭᠡᠷ ᠪᠦᠯᠦᠭ ᠶᠡᠷᠦᠩᠬᠡᠶ ᠳᠦᠷᠢᠮ       ᠨᠢᠭᠡᠳᠦᠭᠡᠷ ᠵᠦᠢᠯ ᠮᠠᠨ ᠤ ᠣᠷᠣᠨ ᠤ ᠠᠯᠪᠠᠨ ᠬᠠᠤᠯᠢᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠠᠯᠪᠠᠨ ᠬᠠᠤᠯᠢᠴᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠪᠦᠬᠦ ᠲᠠᠯ᠎ᠠ ᠪᠠᠷ ᠬᠠᠤᠯᠢ ᠪᠠᠷ  ᠤᠯᠤᠰ ᠢᠶᠠᠨ ᠵᠠᠰᠠᠬᠤ ᠳᠤᠮᠳᠠ ᠠᠯᠪᠠᠨ ᠬᠠᠤᠯᠢᠴᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠬᠤ ᠶᠢᠨ  ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢᠴᠢ ᠶᠢᠨ ᠬᠠᠤᠯᠢ︾ ᠪᠣᠯᠤᠨ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠬᠢᠮ ᠤᠨ ︽ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠣᠯᠤᠨ ᠠᠯᠪᠠᠨ ᠬᠠᠤᠯᠢᠴᠢ  ᠺᠣᠮᠫᠠᠨᠢ ᠶᠢᠨ ᠬᠠᠤᠯᠢᠴᠢ ᠶᠢᠨ ᠳᠦᠷᠢᠮ ᠢ ᠬᠡᠷᠡᠭᠵᠢᠭᠦᠯᠬᠦ ᠲᠤᠬᠠᠶ ᠰᠠᠨᠠᠯ︾᠂ ᠬᠠᠤᠯᠢ ᠴᠠᠭᠠᠵᠠ ᠶᠢᠨ ᠶᠠᠮᠤᠨ ᠤ  ︽ᠠᠯᠪᠠᠨ ᠲᠤᠰᠢᠶᠠᠯᠲᠤ ᠬᠠᠤᠯᠢᠴᠢ ᠶᠢᠨ ᠬᠠᠮᠢᠶᠠᠷᠤᠯᠲᠠ ᠶᠢᠨ ᠠᠷᠭ᠎ᠠ︾ ᠥᠪᠥᠷ ᠮᠣᠩᠭᠤᠯ ᠤᠨ ᠥᠪᠡᠷᠲᠡᠭᠡᠨ  ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ  ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠪᠠ ᠠᠯᠪᠠᠨ ᠬᠠᠤᠯᠢᠴᠢ ᠺᠣᠮᠫᠠᠨᠢ ᠶᠢᠨ ᠬᠠᠤᠯᠢᠴᠢ ᠶᠢᠨ ᠳᠦᠷᠢᠮ ᠢ ᠬᠡᠷᠡᠭᠵᠢᠭᠦᠯᠬᠦ ᠲᠤᠬᠠᠶ  ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ  ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠯᠪᠠᠨ ᠬᠠᠤᠯᠢᠴᠢ ᠪᠤᠯ ᠨᠠᠮ ᠵᠠᠰᠠᠭ ᠤᠨ  ᠪᠠᠶᠢᠭᠤᠯᠭ᠎ᠠ ᠪᠤᠶᠤ ᠠᠷᠠᠳ ᠤᠨ ᠪᠦᠯᠬᠦᠮ ᠳᠤ ᠲᠤᠰᠢᠶᠠᠯ ᠡᠭᠦᠷᠭᠡᠯᠡᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ  ᠪᠠᠶᠢᠭᠤᠯᠭ᠎ᠠ ᠠᠴᠠ ᠣᠯᠭᠤᠭᠰᠠᠨ ᠠᠯᠪᠠᠨ ᠬᠠᠤᠯᠢᠴᠢ ᠶᠢᠨ ᠦᠨᠡᠮᠯᠡᠯ ᠢ ᠬᠠᠤᠯᠢ ᠶᠣᠰᠣᠭᠠᠷ ᠤᠯᠵᠤ᠂ ᠲᠤᠰ  ᠨᠢᠭᠡᠴᠢ ᠳᠤ ᠬᠠᠤᠯᠢ ᠴᠠᠭᠠᠵᠠ ᠶᠢᠨ ᠠᠵᠢᠯ ᠬᠢᠵᠦ ᠪᠠᠶᠢᠭ᠎ᠠ ᠠᠯᠪᠠᠨ ᠲᠤᠰᠢᠶᠠᠯᠲᠠᠨ ᠢ ᠵᠢᠭᠠᠵᠤ ᠪᠠᠶᠢᠨ᠎ᠠ᠃       ᠭᠤᠷᠪᠠᠳᠤᠭᠠᠷ ᠵᠦᠢᠯ ᠠᠯᠪᠠᠨ ᠬᠠᠤᠯᠢᠴᠢ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ  ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠢ ᠬᠦᠷᠢᠶᠡᠯᠡᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠡᠭᠦᠷᠭᠡ ᠲᠤᠰᠢᠶᠠᠯ ᠳᠤ ᠪᠠᠨ ᠦᠨᠡᠨᠴᠢ  ᠰᠢᠳᠤᠷᠭᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠬᠠᠤᠯᠢᠴᠢ ᠶᠢᠨ ᠠᠵᠢᠯ ᠮᠡᠷᠭᠡᠵᠢᠯ ᠤᠨ  ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠶᠢ ᠬᠢᠴᠢᠶᠡᠩᠭᠦ᠋ᠢᠯᠡᠨ ᠰᠠᠬᠢᠵᠤ᠂ ᠬᠠᠤᠯᠢ ᠴᠠᠭᠠᠵᠠ ᠶᠢᠨ ᠵᠥᠪ  ᠬᠡᠷᠡᠭᠵᠢᠭᠦᠯᠦᠭᠳᠡᠬᠦ ᠶᠢ ᠬᠠᠮᠠᠭᠠᠯᠠᠨ᠂ ᠨᠡᠶᠢᠭᠡᠮ ᠤᠨ ᠲᠥᠪ ᠭᠤᠤᠯᠴᠢ ᠪᠠ ᠰᠢᠳᠤᠷᠭᠤ ᠶᠣᠰᠣ ᠶᠢ ᠬᠠᠮᠠᠭᠠᠯᠠᠬᠤ   ᠬᠡᠷᠡᠭᠲᠡᠢ᠃       ᠳᠥᠷᠪᠡᠳᠦᠭᠡᠷ ᠵᠦᠢᠯ ᠠᠯᠪᠠᠨ ᠬᠠᠤᠯᠢᠴᠢ ᠶᠢᠨ ᠦᠨᠡᠮᠯᠡᠯ ᠪᠣᠯ ᠠᠯᠪᠠᠨ ᠬᠠᠤᠯᠢᠴᠢ ᠶᠢᠨ ᠠᠵᠢᠯ ᠡᠷᠬᠢᠯᠡᠬᠦ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠬᠦᠴᠦᠨ ᠪᠦᠬᠦᠢ ᠦᠨᠡᠮᠯᠡᠯ ᠪᠣᠯᠤᠨ᠎ᠠ᠃ ᠠᠯᠪᠠᠨ ᠬᠠᠤᠯᠢᠴᠢ ᠶᠢᠨ  ᠦᠨᠡᠮᠯᠡᠯ ᠳᠤ ᠠᠯᠪᠠᠨ ᠬᠠᠤᠯᠢᠴᠢ ᠶᠢᠨ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠦᠨᠡᠮᠯᠡᠯ ᠤᠨ ᠳ᠋ᠤᠭᠠᠷ ᠵᠡᠷᠭᠡ  ᠵᠦᠢᠯᠡᠰ ᠢ ᠲᠡᠮᠳᠡᠭᠯᠡᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ  ᠲᠢᠩᠬᠢᠮ ᠤᠨ ᠲᠠᠮᠠᠭ᠎ᠠ ᠶᠢ ᠳᠠᠷᠤᠭᠰᠠᠨ ᠪᠠᠶᠢᠬᠤ ᠬᠡᠷᠡᠭᠲᠡᠶ᠃       ᠲᠠᠪᠤᠳᠤᠭᠠᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠯᠪᠠᠨ ᠬᠠᠤᠯᠢᠴᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠳᠤ ᠬᠢᠨᠠᠯᠲᠠ ᠲᠠᠯᠪᠢᠵᠤ᠂ ᠵᠢᠯᠣᠭᠤᠳᠣᠯᠭ᠎ᠠ ᠬᠢᠨ᠎ᠡ᠃ ᠠᠯᠪᠠᠨ  ᠬᠠᠤᠯᠢᠴᠢ ᠶᠢᠨ ᠪᠠᠶᠢᠭ᠎ᠠ ᠨᠢᠭᠡᠴᠢ ᠨᠢ ᠠᠯᠪᠠᠨ ᠬᠠᠤᠯᠢᠴᠢ ᠳᠤ ᠡᠳᠦᠷ ᠳᠤᠲᠤᠮ ᠤᠨ ᠬᠠᠮᠢᠶᠠᠷᠤᠯᠲᠠ ᠬᠢᠨ᠎ᠡ᠃ ᠬᠠᠤᠯᠢᠴᠢ ᠶᠢᠨ ᠨᠡᠶᠢᠭᠡᠮᠯᠢᠭ ᠨᠢ ᠠᠯᠪᠠᠨ ᠬᠠᠤᠯᠢᠴᠢ ᠳᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠡᠷᠡᠭᠵᠢᠭᠦᠯᠦᠨ᠎ᠡ᠃       ᠬᠤᠶᠠᠳᠤᠭᠠᠷ ᠪᠦᠯᠦᠭ ᠲᠤᠰᠢᠶᠠᠯ ᠳᠤ ᠲᠣᠮᠢᠯᠠᠬᠤ ᠨᠥᠬᠦᠴᠡᠯ ᠪᠠ ᠳᠡᠰ ᠳᠠᠷᠠᠭᠠᠯᠠᠯ       ᠵᠢᠷᠭᠤᠳᠤᠭᠠᠷ ᠵᠦᠢᠯ ᠠᠯᠪᠠᠨ ᠬᠠᠤᠯᠢᠴᠢ ᠶᠢᠨ ᠦᠨᠡᠮᠯᠡᠯ ᠤᠯᠭᠤᠬᠤ ᠪᠠᠷ ᠭᠤᠶᠤᠴᠢᠯᠠᠬᠤ ᠳᠤ ᠳᠣᠣᠷᠠᠬᠢ  ᠨᠦᠭᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠭᠰᠡᠨ ᠪᠠᠶᠢᠬᠤ︔ ︵ᠬᠤᠶᠠᠷ︶ ᠬᠠᠤᠯᠢ ᠴᠠᠭᠠᠵᠠ ᠶᠢᠨ ᠠᠵᠢᠯ  ᠮᠡᠷᠭᠡᠵᠢᠯ ᠤᠨ ᠬᠢᠷᠢ ᠬᠡᠮ ᠪᠤᠶᠤ ᠬᠠᠤᠯᠢᠴᠢ ᠶᠢᠨ ᠬᠢᠷᠢ ᠭᠡᠮ ᠢ ᠬᠠᠤᠯᠢ ᠶᠣᠰᠣᠭᠠᠷ ᠣᠯᠤᠭᠰᠠᠨ ᠪᠠᠶᠢᠬᠤ︔ ︵ᠭᠤᠷᠪᠠ ︶ ᠠᠯᠪᠠᠨ ᠲᠤᠰᠢᠶᠠᠯᠲᠠᠨ ᠤ ᠪᠡᠶ᠎ᠡ ᠭᠡᠮ ᠲᠠᠢ ᠪᠠᠶᠢᠬᠤ︔ ︵ᠲᠦᠷᠪᠡ︶ ᠬᠠᠤᠯᠢ ᠴᠠᠭᠠᠵᠠ ᠶᠢᠨ ᠠᠵᠢᠯ ᠢ  ᠬᠤᠶᠠᠷ ᠵᠢᠯ ᠠᠴᠠ ᠳᠡᠭᠡᠭᠰᠢ ᠬᠢᠭᠰᠡᠨ ᠪᠤᠶᠤ ᠨᠢᠭᠡ ᠵᠢᠯ ᠠᠴᠠ ᠳᠡᠭᠡᠭᠰᠢ ᠰᠢᠭᠦᠭᠴᠢ᠂ ᠪᠠᠶᠢᠴᠠᠭᠠᠭᠴᠢ᠂ ᠬᠠᠤᠯᠢᠴᠢ  ᠪᠣᠯᠵᠤ ᠥᠩᠭᠡᠷᠡᠭᠰᠡᠨ ᠪᠠᠶᠢᠬᠤ︔ ︵ᠲᠠᠪᠤ︶ ᠵᠠᠩ ᠰᠤᠷᠲᠠᠯ ᠨᠢ ᠰᠠᠶᠢᠨ ᠪᠠᠶᠢᠬᠤ︔ ︵ᠵᠢᠷᠭᠤᠭ᠎ᠠ︶ ᠪᠠᠶᠢᠭ᠎ᠠ  ᠨᠢᠭᠡᠴᠢ ᠨᠢ ᠲᠡᠭᠦᠨ ᠤ ᠠᠯᠪᠠᠨ ᠬᠠᠤᠯᠢᠴᠢ ᠪᠣᠯᠬᠤ ᠶᠢ ᠵᠥᠪᠰᠢᠶᠡᠷᠡᠭᠰᠡᠨ ᠪᠠᠶᠢᠬᠤ ᠬᠡᠷᠡᠭᠲᠡᠢ᠃       ᠳᠣᠯᠣᠳᠤᠭᠠᠷ ᠵᠦᠢᠯ ᠭᠤᠶᠤᠴᠢᠯᠠᠭᠴᠢ ᠨᠢ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂  ᠠᠯᠪᠠᠨ ᠬᠠᠤᠯᠢᠴᠢ ᠶᠢᠨ ᠦᠨᠡᠮᠯᠡᠯ ᠣᠯᠭᠤᠬᠤ ᠦᠭᠡᠶ᠄ ︵ᠨᠢᠭᠡ︶ ᠢᠷᠭᠡᠨ ᠤ ᠬᠡᠷᠡᠭ ᠤᠨ ᠠᠵᠢᠯᠯᠠᠭ᠎ᠠ ᠶᠢᠨ  ᠴᠢᠳᠠᠪᠤᠷᠢ ᠦᠭᠡᠶ ᠪᠤᠶᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠶᠢ ᠨᠢ ᠬᠢᠵᠠᠭᠠᠷᠯᠠᠭᠰᠠᠨ ᠪᠠᠶᠢᠳᠠᠯ︔ ︵ᠬᠤᠶᠠᠷ︶ ᠬᠠᠤᠯᠢᠴᠢ᠂ ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠦᠨᠡᠮᠯᠡᠯ ᠢ ᠨᠢ ᠬᠤᠷᠢᠶᠠᠨ ᠠᠪᠴᠤ ᠬᠦᠴᠦᠨ  ᠦᠭᠡᠢ ᠪᠤᠯᠭᠠᠭᠰᠠᠨ ᠪᠠᠶᠢᠳᠠᠯ︔ ︵ᠭᠤᠷᠪᠠ︶ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ᠂ ᠬᠠᠤᠯᠢ ᠪᠠᠷᠢᠬᠤ ᠵᠢᠷᠤᠮ ᠨᠢ  ᠬᠠᠷᠠᠬᠠᠨ ᠳᠠᠭᠤᠰᠤᠭᠠᠳᠤᠶ ᠪᠤᠶᠤ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ᠂  ᠬᠢᠨᠠᠨ ᠪᠠᠶᠢᠴᠠᠭᠠᠯᠲᠠ ᠶᠢ ᠬᠦᠯᠢᠶᠡᠵᠦ ᠪᠠᠶᠢᠭ᠎ᠠ ᠪᠠᠶᠢᠳᠠᠯ︔ ︵ᠳᠥᠷᠪᠡ︶ ᠳᠡᠭᠡᠷ᠎ᠡ ᠨᠢᠭᠡ ᠵᠢᠯ ᠤᠨ ᠠᠯᠪᠠᠲᠠᠨ ᠤ  ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠳᠤ ᠲᠤᠰᠢᠶᠠᠯ ᠳᠤ ᠪᠠᠨ ᠥᠯᠥ ᠲᠡᠩᠴᠡᠭᠰᠡᠨ ᠢᠶᠠᠷ  ᠲᠤᠭᠲᠠᠭᠠᠭᠳᠠᠭᠰᠠᠨ ᠪᠠᠶᠢᠳᠠᠯ︔ ︵ᠲᠠᠪᠤ︶ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠵᠤ ᠪᠠᠶᠢᠭ᠎ᠠ ᠪᠠᠶᠢᠳᠠᠯ ᠲᠠᠢ᠃       ᠨᠠᠢᠮᠠᠳᠤᠭᠠᠷ ᠵᠦᠢᠯ ᠠᠯᠪᠠᠨ ᠲᠤᠰᠢᠶᠠᠯᠲᠤ ᠬᠠᠤᠯᠢᠴᠢ ᠶᠢᠨ ᠦᠨᠡᠮᠯᠡᠯ ᠤᠯᠭᠤᠬᠤ ᠪᠠᠷ ᠭᠤᠶᠤᠴᠢᠯᠠᠬᠤ ᠳᠤ᠂  ᠭᠤᠶᠤᠴᠢᠯᠠᠭᠴᠢ ᠶᠢᠨ ᠪᠠᠶᠢᠭ᠎ᠠ ᠨᠢᠭᠡᠴᠢ ᠠᠴᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠤᠤᠷ᠎ᠠ  ᠵᠢᠭᠰᠠᠭᠠᠭᠰᠠᠨ ᠮᠠᠲ᠋ᠧᠷᠢᠶᠠᠯ ᠢ ᠲᠤᠰᠢᠶᠠᠬᠤ ᠬᠡᠷᠡᠭᠲᠡᠢ᠄ ︵ᠨᠢᠭᠡ︶ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ  ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠤᠶᠤ ᠬᠠᠤᠯᠢᠴᠢ ᠶᠢᠨ ᠬᠢᠷᠢ ᠭᠡᠮ ᠤᠨ ᠦᠨᠡᠮᠯᠡᠯ︔ ︵ᠬᠤᠶᠠᠷ︶  ᠭᠤᠶᠤᠴᠢᠯᠠᠭᠴᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠭᠡᠷᠡᠴᠢ ᠪᠠ ᠠᠯᠪᠠᠨ ᠲᠤᠰᠢᠶᠠᠯᠲᠠᠨ ᠤ ᠪᠡᠶ᠎ᠡ ᠶᠢᠨ ᠭᠡᠷᠡᠴᠢ︔ ︵ᠭᠤᠷᠪᠠ︶ ᠭᠤᠶᠤᠴᠢᠯᠠᠭᠴᠢ ᠲᠤᠰ ᠬᠥᠮᠦᠨ ᠨᠢ ᠲᠠᠭᠯᠠᠵᠤ᠂ ᠪᠠᠶᠢᠭ᠎ᠠ ᠨᠢᠭᠡᠴᠢ ᠨᠢ ᠵᠥᠪᠰᠢᠶᠡᠷᠡᠭᠰᠡᠨ ᠪᠥᠭᠡᠳ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠠᠯᠪᠠᠨ ᠬᠠᠤᠯᠢᠴᠢ ᠶᠢᠨ ᠭᠤᠶᠤᠴᠢᠯᠠᠯ ᠤᠨ ᠬᠦᠰᠦᠨᠦᠭ︔  ︵ᠳᠥᠷᠪᠡ︶ ᠭᠤᠶᠤᠴᠢᠯᠠᠭᠴᠢ ᠲᠤᠰ ︽ᠠᠷᠭ᠎ᠠ︾ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠳᠤ  ᠨᠡᠶᠢᠴᠡᠭᠰᠡᠨ ᠠᠵᠢᠯ ᠤᠨ ᠥᠩᠭᠡᠷᠡᠯᠲᠡ᠂ ᠠᠵᠢᠯ ᠡᠷᠭᠢᠯᠡᠭᠰᠡᠨ ᠥᠩᠭᠡᠷᠡᠯᠲᠡ ᠶᠢᠨ ᠭᠡᠷᠡᠴᠢᠯᠡᠯ᠃       ᠶᠢᠰᠦᠳᠦᠭᠡᠷ ᠵᠦᠢᠯ ᠡᠭᠴᠡ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ ᠪᠠᠶᠢᠭ᠎ᠠ ᠲᠥᠪ ᠤᠨ ᠨᠠᠮ  ᠵᠠᠰᠠᠭ ᠤᠨ ᠪᠠᠶᠢᠭᠤᠯᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠡᠯ᠎ᠡ ᠱᠠᠲᠤᠨ ᠤ ᠰᠢᠭᠤᠳ  ᠬᠠᠷᠢᠶ᠎ᠠ ᠬᠠᠮᠢᠶᠠᠷᠤᠯᠲᠠ ᠶᠢᠨ ᠨᠢᠭᠡᠴᠢ ᠪᠣᠯᠤᠨ ᠲᠣᠮᠢᠯᠠᠨ ᠰᠠᠭᠤᠯᠭᠠᠭᠰᠠᠨ ᠨᠢᠭᠡᠴᠢ ᠶᠢᠨ ᠠᠯᠪᠠᠨ ᠲᠤᠰᠢᠶᠠᠯᠲᠠᠨ ᠠᠯᠪᠠᠨ ᠬᠠᠤᠯᠢᠴᠢ ᠪᠣᠯᠬᠤ ᠪᠠᠷ ᠭᠤᠶᠤᠴᠢᠯᠠᠬᠤ ᠳᠤ᠂ ᠪᠠᠶᠢᠭ᠎ᠠ ᠨᠢᠭᠡᠴᠢ ᠪᠠᠷ ᠢᠶᠠᠨ ᠬᠢᠨᠠᠨ ᠬᠠᠷᠭᠤᠭᠤᠯᠵᠤ  ᠵᠥᠪᠰᠢᠶᠡᠷᠡᠭᠦᠯᠦᠭᠰᠡᠨ ᠤ ᠳᠠᠷᠠᠭ᠎ᠠ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ  ᠲᠢᠩᠬᠢᠮ ᠳᠤ ᠭᠤᠶᠤᠴᠢᠯᠠᠯ ᠳᠡᠪᠰᠢᠭᠦᠯᠦᠨ᠎ᠡ᠃       ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠤᠨ ᠠᠯᠪᠠᠨ  ᠲᠤᠰᠢᠶᠠᠯᠲᠠᠨ ᠠᠯᠪᠠᠨ ᠬᠠᠤᠯᠢᠴᠢ ᠪᠣᠯᠬᠤ ᠪᠠᠷ ᠭᠤᠶᠤᠴᠢᠯᠠᠬᠤ ᠳᠤ᠂ ᠪᠠᠶᠢᠭ᠎ᠠ ᠨᠢᠭᠡᠴᠢ ᠪᠠᠷ ᠢᠶᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ  ᠴᠠᠭᠠᠵᠠ ᠶᠢᠨ ᠲᠢᠩᠬᠢᠮ ᠳᠤ ᠭᠤᠶᠤᠴᠢᠯᠠᠯ ᠳᠡᠪᠰᠢᠭᠦᠯᠦᠨ᠎ᠡ᠃ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ  ᠨᠠᠮ ᠵᠠᠰᠠᠭ ᠤᠨ ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠤᠨ ᠠᠯᠪᠠᠨ ᠲᠤᠰᠢᠶᠠᠯᠲᠠᠨ ᠠᠯᠪᠠᠨ ᠬᠠᠤᠯᠢᠴᠢ  ᠪᠣᠯᠬᠤ ᠪᠠᠷ ᠭᠤᠶᠤᠴᠢᠯᠠᠬᠤ ᠳᠤ᠂ ᠪᠠᠶᠢᠭ᠎ᠠ ᠨᠢᠭᠡᠴᠢ ᠠᠴᠠ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ  ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ  ᠤ  ᠪᠠᠶᠢᠭᠤᠯᠭ᠎ᠠ  ᠳᠤ  ᠭᠤᠶᠤᠴᠢᠯᠠᠯ   ᠳᠡᠪᠰᠢᠭᠦᠯᠦᠨ᠎ᠡ᠃       ᠠᠷᠪᠠᠳᠤᠭᠠᠷ ᠵᠦᠢᠯ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠦᠯᠢᠶᠡᠨ ᠠᠪᠤᠭᠰᠠᠨ ᠠᠯᠪᠠᠨ ᠬᠠᠤᠯᠢᠴᠢ ᠶᠢᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠮᠡᠳᠡᠭᠦᠯᠵᠦ ᠬᠢᠨᠠᠨ  ᠪᠠᠶᠢᠴᠠᠭᠠᠯᠭᠠᠨ᠎ᠠ᠃ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠪᠠᠶᠢᠪᠠᠯ᠂ ᠠᠶᠢᠮᠠᠭ ᠬᠤᠲᠠ ᠶᠢᠨ  ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ ᠪᠦᠬᠦ  ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠢᠨᠠᠨ ᠪᠠᠶᠢᠴᠠᠭᠠᠭᠠᠳ᠂ ᠭᠤᠶᠤᠴᠢᠯᠠᠭᠴᠢ ᠨᠢ ᠠᠯᠪᠠᠨ ᠬᠠᠤᠯᠢᠴᠢ ᠶᠢᠨ ᠲᠤᠰᠢᠶᠠᠯ ᠡᠭᠦᠷᠭᠡᠯᠡᠬᠦ  ᠨᠥᠬᠦᠴᠡᠯ ᠳᠤ ᠨᠡᠶᠢᠴᠡᠵᠦ᠂ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠭᠤᠶᠤᠴᠢᠯᠠᠭᠴᠢ ᠳᠤ ᠠᠯᠪᠠᠨ ᠬᠠᠤᠯᠢᠴᠢ ᠶᠢᠨ ᠦᠨᠡᠮᠯᠡᠯ ᠣᠯᠭᠤᠨ᠎ᠠ︔ ᠭᠤᠶᠤᠴᠢᠯᠠᠭᠴᠢ ᠨᠢ ᠠᠯᠪᠠᠨ ᠬᠠᠤᠯᠢᠴᠢ ᠶᠢᠨ ᠲᠤᠰᠢᠶᠠᠯ ᠡᠭᠦᠷᠭᠡᠯᠡᠬᠦ ᠨᠥᠬᠦᠴᠡᠯ ᠳᠤ ᠨᠡᠶᠢᠴᠡᠬᠦ ᠦᠭᠡᠶ ᠪᠤᠶᠤ ᠭᠤᠶᠤᠴᠢᠯᠠᠭᠰᠠᠨ ᠮᠠᠲ᠋ᠧᠷᠢᠶᠠᠯ ᠢᠶᠠᠨ ᠨᠥᠬᠦᠪᠥᠷᠢᠯᠡᠨ ᠵᠠᠯᠠᠷᠠᠭᠤᠯᠤᠭᠠᠳ ᠮᠥᠨ ᠯᠡ ᠪᠦᠷᠢᠨ ᠭᠦᠢᠴᠡᠳ ᠪᠤᠰᠤ ᠪᠠᠶᠢᠪᠠᠯ ᠠᠯᠪᠠᠨ ᠬᠠᠤᠯᠢᠴᠢ ᠶᠢᠨ ᠦᠨᠡᠮᠯᠡᠯ ᠣᠯᠭᠤᠬᠤ ᠦᠭᠡᠶ ᠪᠥᠭᠡᠳ ᠭᠤᠶᠤᠴᠢᠯᠠᠭᠴᠢ ᠵᠢᠴᠢ ᠲᠡᠭᠦᠨ ᠤ ᠪᠠᠶᠢᠭ᠎ᠠ  ᠨᠢᠭᠡᠴᠢ ᠳᠤ ᠰᠢᠯᠲᠠᠭᠠᠨ ᠢ ᠨᠢ ᠲᠤᠳᠤᠷᠬᠠᠶᠢᠯᠠᠨ᠎ᠠ᠃       ᠠᠷᠪᠠᠨ ᠨᠢᠭᠡᠳᠦᠭᠡᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠭᠠᠵᠠᠷ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠨᠢ ᠵᠢᠯ ᠪᠦᠷᠢ ᠲᠤᠰ ᠬᠠᠷᠢᠶ᠎ᠠ ᠣᠷᠣᠨ ᠤ ᠪᠠᠨ ᠬᠡᠪᠴᠢᠶᠡᠨ  ᠳᠣᠲᠣᠷᠠᠬᠢ ᠠᠯᠪᠠᠨ ᠬᠠᠤᠯᠢᠴᠢ ᠶᠢᠨ ᠠᠵᠢᠯ ᠠᠴᠠ ᠡᠮᠦᠨᠡᠬᠢ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠬᠥᠮᠦᠵᠢᠯ  ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠬᠡᠷᠡᠭᠲᠡᠶ᠃       ᠠᠷᠪᠠᠨ ᠬᠤᠶᠠᠳᠤᠭᠠᠷ ᠵᠦᠢᠯ ᠠᠯᠪᠠᠨ ᠲᠤᠰᠢᠶᠠᠯᠲᠤ ᠬᠠᠤᠯᠢᠴᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠤᠯ ᠤᠨ ᠦᠨᠡᠮᠯᠡᠯ ᠤᠯᠭᠤᠭᠰᠠᠨ ᠪᠠᠶᠢᠭᠤᠯᠭ᠎ᠠ ᠠᠴᠠ ᠲᠡᠭᠦᠨ ᠤ ᠠᠯᠪᠠᠨ ᠬᠠᠤᠯᠢᠴᠢ ᠶᠢᠨ ᠦᠨᠡᠮᠯᠡᠯ ᠢ  ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ ︵ᠨᠢᠭᠡ︶ ᠲᠤᠰ ᠬᠥᠮᠦᠨ ᠨᠢ ᠦᠷᠭᠦᠯᠵᠢᠯᠡᠨ ᠠᠯᠪᠠᠨ ᠬᠠᠤᠯᠢᠴᠢ  ᠪᠣᠯᠬᠤ ᠳᠤᠷ᠎ᠠ ᠦᠭᠡᠶ ᠪᠤᠯᠵᠤ᠂ ᠪᠠᠶᠢᠭ᠎ᠠ ᠨᠢᠭᠡᠴᠢ ᠪᠠᠷ ᠢᠶᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ  ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠦᠴᠦᠨ ᠦᠭᠡᠶ ᠪᠤᠯᠭᠠᠬᠤ ᠪᠠᠷ ᠭᠤᠶᠤᠴᠢᠯᠠᠭᠰᠠᠨ ᠪᠠᠶᠢᠳᠠᠯ︔  ︵ᠬᠤᠶᠠᠷ︶ ᠪᠠᠶᠢᠭ᠎ᠠ ᠨᠢᠭᠡᠴᠢ ᠨᠢ ᠲᠡᠭᠦᠨ ᠤ ᠦᠷᠭᠦᠯᠵᠢᠯᠡᠨ ᠠᠯᠪᠠᠨ ᠬᠠᠤᠯᠢᠴᠢ ᠪᠣᠯᠬᠤ ᠶᠢ ᠵᠥᠪᠰᠢᠶᠡᠷᠡᠬᠦ ᠦᠭᠡᠶ  ᠪᠠᠶᠢᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠦᠴᠦᠨ ᠦᠭᠡᠶ ᠪᠣᠯᠭᠠᠬᠤ ᠪᠠᠷ  ᠭᠤᠶᠤᠴᠢᠯᠠᠭᠰᠠᠨ ᠪᠠᠶᠢᠳᠠᠯ︔ ︵ᠭᠤᠷᠪᠠ︶ ᠲᠤᠰᠢᠶᠠᠯ ᠠᠴᠠ ᠪᠠᠨ ᠪᠠᠭᠤᠬᠤ᠂ ᠠᠵᠢᠯ ᠰᠢᠯᠵᠢᠬᠦ᠂  ᠲᠤᠰᠢᠶᠠᠯ ᠠᠴᠠ ᠪᠠᠨ ᠰᠢᠯᠵᠢᠬᠦ᠂ ᠠᠵᠢᠯ ᠠᠴᠠ ᠪᠠᠨ ᠪᠠᠭᠤᠬᠤ ᠪᠤᠶᠤ ᠠᠵᠢᠯ ᠠᠴᠠ ᠨᠢ ᠤᠭᠴᠤᠷᠠᠭᠤᠯᠬᠤ᠂  ᠠᠵᠢᠯ ᠠᠴᠠ ᠨᠢ ᠬᠥᠭᠡᠭᠡᠬᠦ ᠵᠡᠷᠭᠡ ᠰᠢᠯᠲᠠᠭᠠᠨ ᠠᠴᠠ ᠪᠣᠯᠵᠤ᠂ ᠠᠯᠪᠠᠨ ᠬᠠᠤᠯᠢᠴᠢ ᠪᠣᠯᠬᠤ ᠨᠥᠬᠦᠴᠡᠯ ᠢ  ᠪᠦᠷᠢᠯᠳᠦᠭᠦᠯᠬᠦ ᠪᠠᠨ ᠪᠤᠯᠢᠭᠰᠠᠨ ᠪᠠᠶᠢᠳᠠᠯ︔ ︵ᠲᠦᠷᠪᠡ︶ ᠠᠯᠪᠠᠨ ᠬᠠᠤᠯᠢᠴᠢ ᠶᠢᠨ ᠣᠨ ᠤ ᠬᠢᠨᠠᠨ ᠰᠢᠯᠭᠠᠯᠲᠠ ᠳᠤ  ᠵᠠᠯᠭᠠᠭ᠎ᠠ ᠪᠠᠷ ᠬᠤᠶᠠᠷ ᠤᠳᠠᠭ᠎ᠠ ᠲᠤᠰᠢᠶᠠᠯ ᠳᠤ ᠪᠠᠨ ᠦᠯᠤ ᠲᠡᠩᠴᠡᠬᠦ ᠪᠠᠷ ᠬᠢᠨᠠᠨ ᠲᠤᠭᠲᠠᠭᠠᠭᠳᠠᠭᠰᠠᠨ ᠪᠠᠶᠢᠳᠠᠯ︔  ︵ᠲᠠᠪᠤ︶ ᠮᠡᠬᠡᠯᠡᠬᠦ᠂ ᠨᠢᠭᠤᠨ ᠳᠠᠯᠳᠠᠯᠠᠬᠤ᠂ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠵᠡᠷᠭᠡ ᠵᠦᠶ ᠪᠤᠰᠤ ᠠᠷᠭ᠎ᠠ  ᠪᠠᠷᠢᠯ ᠢᠶᠠᠷ ᠠᠯᠪᠠᠨ ᠬᠠᠤᠯᠢᠴᠢ ᠶᠢᠨ ᠦᠨᠡᠮᠯᠡᠯ ᠣᠯᠤᠭᠰᠠᠨ ᠪᠠᠶᠢᠳᠠᠯ︔ ︵ᠵᠢᠷᠭᠤᠭ᠎ᠠ︶ ᠬᠠᠤᠯᠢ ᠴᠠᠭᠠᠵᠠ ᠶᠢᠨ  ᠲᠥᠯᠥᠪᠦᠷᠢᠲᠦ ᠦᠢᠯᠡᠴᠢᠯᠡᠭᠡᠨ ᠤ ᠠᠵᠢᠯᠯᠠᠭ᠎ᠠ ᠬᠢᠭᠰᠡᠨ᠂ ᠡᠰᠡᠬᠦᠯ᠎ᠡ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ  ᠪᠤᠰᠤᠳ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠲᠤᠰᠢᠶᠠᠯ ᠬᠠᠪᠰᠤᠷᠭᠠᠭᠰᠠᠨ ᠪᠠᠶᠢᠳᠠᠯ︔ ︵ ᠲᠤᠯᠤᠭ᠎ᠠ︶ ᠠᠯᠪᠠᠨ ᠬᠠᠤᠯᠢᠴᠢ ᠦᠷᠭᠦᠯᠵᠢᠯᠡᠨ ᠡᠭᠦᠷᠭᠡᠯᠡᠵᠦ ᠪᠣᠯᠬᠤ ᠦᠭᠡᠶ ᠪᠤᠰᠤᠳ ᠪᠠᠶᠢᠳᠠᠯ᠃ ᠠᠯᠪᠠᠨ ᠲᠤᠰᠢᠶᠠᠯᠲᠤ ᠬᠠᠤᠯᠢᠴᠢ ᠳᠤ ᠳᠡᠭᠡᠷ᠎ᠡ ᠳᠤᠷᠠᠳᠤᠭᠰᠠᠨ ᠲᠤᠭᠲᠠᠭᠠᠯ ᠤᠨ ᠪᠠᠶᠢᠳᠠᠯ ᠭᠠᠷᠪᠠᠯ᠂ ᠪᠠᠶᠢᠭ᠎ᠠ ᠨᠢᠭᠡᠴᠢ ᠨᠢ  ᠲᠡᠭᠦᠨ ᠤ ᠠᠯᠪᠠᠨ ᠬᠠᠤᠯᠢᠴᠢ ᠶᠢᠨ ᠦᠨᠡᠮᠯᠡᠯ ᠢ ᠴᠠᠭ ᠲᠤᠬᠠᠶ ᠳᠤ ᠨᠢ ᠬᠤᠷᠢᠶᠠᠨ ᠠᠪᠬᠤ ᠶᠢᠨ ᠬᠠᠮᠲᠤ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠬᠦᠴᠦᠨ ᠦᠭᠡᠶ ᠪᠤᠯᠭᠠᠬᠤ  ᠭᠤᠶᠤᠴᠢᠯᠠᠯ ᠳᠤᠷᠠᠳᠬᠤ ᠬᠡᠷᠡᠭᠲᠡᠶ᠃       ᠠᠷᠪᠠᠨ ᠭᠤᠷᠪᠠᠳᠤᠭᠠᠷ ᠵᠦᠢᠯ ᠠᠯᠪᠠᠨ ᠬᠠᠤᠯᠢᠴᠢ ᠪᠤᠯᠤᠭᠠᠳ ᠪᠦᠬᠦᠯᠢ ᠭᠤᠷᠪᠠᠨ ᠵᠢᠯ ᠪᠣᠯᠤᠭᠰᠠᠨ ᠪᠦᠭᠡᠳ  ᠬᠠᠮᠤᠭ ᠰᠡᠭᠦᠯᠴᠢ ᠶᠢᠨ ᠨᠢᠭᠡ ᠤᠳᠠᠭᠠᠨ ᠤ ᠠᠯᠪᠠᠨ ᠬᠠᠤᠯᠢᠴᠢ ᠶᠢᠨ ᠤᠨ ᠤ ᠬᠢᠨᠠᠨ ᠰᠢᠯᠭᠠᠯᠲᠠ ᠳᠤ ᠲᠤᠰᠢᠶᠠᠯ ᠳᠤ ᠪᠠᠨ ᠲᠡᠩᠴᠡᠭᠰᠡᠨ ᠢᠶᠠᠷ ᠲᠣᠭᠲᠠᠭᠠᠭᠰᠠᠨ ᠬᠥᠮᠦᠰ ᠤᠤᠯ ᠤᠨ ᠨᠢᠭᠡᠴᠢ ᠠᠴᠠ ᠪᠠᠨ ᠰᠠᠯᠤᠭᠰᠠᠨ ᠤ  ᠳᠠᠷᠠᠭ᠎ᠠ ᠬᠠᠤᠯᠢᠴᠢ ᠶᠢᠨ ᠠᠵᠢᠯ ᠡᠷᠬᠢᠯᠡᠬᠦ ᠪᠠᠷ ᠭᠤᠶᠤᠴᠢᠯᠠᠭᠰᠠᠨ ᠪᠠᠶᠢᠪᠠᠯ᠂ ᠬᠠᠤᠯᠢᠴᠢ ᠶᠢᠨ ᠨᠡᠶᠢᠭᠡᠮᠯᠢᠭ ᠢᠶᠠᠷ ᠬᠢᠨᠠᠨ  ᠰᠢᠯᠭᠠᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠰᠢᠭᠤᠳ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠵᠠᠰᠠᠭ  ᠵᠠᠬᠢᠷᠭᠠᠨ ᠤ ᠪᠠᠶᠢᠭᠤᠯᠭ᠎ᠠ ᠳᠤ ᠬᠠᠤᠯᠢᠴᠢ ᠶᠢᠨ ᠠᠵᠢᠯ ᠡᠷᠬᠢᠯᠡᠬᠦ ᠦᠨᠡᠮᠯᠡᠯ ᠤᠯᠭᠤᠬᠤ ᠪᠠᠷ ᠭᠤᠶᠤᠴᠢᠯᠠᠵᠤ ᠪᠣᠯᠤᠨ᠎ᠠ᠂  ᠲᠡᠭᠦᠨ ᠤ ᠠᠯᠪᠠᠨ ᠬᠠᠤᠯᠢᠴᠢ ᠪᠣᠯᠤᠭᠰᠠᠨ ᠥᠩᠭᠡᠷᠡᠯᠲᠡ ᠶᠢ ᠨᠡᠶᠢᠭᠡᠮ ᠤᠨ ᠬᠠᠤᠯᠢᠴᠢ ᠶᠢᠨ ᠠᠵᠢᠯ ᠡᠷᠬᠢᠯᠡᠬᠦ ᠵᠢᠯ  ᠬᠤᠭᠤᠴᠠᠭ᠎ᠠ ᠳᠤ ᠪᠤᠳᠤᠵᠤ ᠣᠷᠣᠭᠤᠯᠤᠨ᠎ᠠ᠃      ᠠᠷᠪᠠᠨ ᠳᠦᠷᠪᠡᠳᠦᠭᠡᠷ ᠵᠦᠢᠯ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ  ᠭᠡᠮ ᠤᠨ ᠳᠦᠷᠢᠮ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠬᠠᠤᠯᠢ ᠴᠠᠭᠠᠵᠠ ᠶᠢᠨ ᠵᠥᠪᠯᠡᠭᠴᠢ ᠪᠣᠯᠤᠭᠰᠠᠨ ᠪᠣᠯᠪᠠᠴᠤ  ᠬᠠᠤᠯᠢ ᠶᠣᠰᠣᠭᠠᠷ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠪᠤᠶᠤ ᠬᠠᠤᠯᠢᠴᠢ ᠶᠢᠨ ᠬᠢᠷᠢ ᠭᠡᠮ  ᠣᠯᠤᠭᠰᠠᠨ ᠦᠭᠡᠶ ᠬᠥᠮᠦᠰ᠂ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠬᠠᠮᠲᠤ ᠳᠤ ᠨᠢ ᠪᠦᠷᠢᠯᠳᠦᠭᠦᠯᠵᠦ᠂ ᠬᠠᠤᠯᠢ ᠴᠠᠭᠠᠵᠠ ᠶᠢᠨ ᠶᠠᠮᠤᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠤᠯ ︵ᠬᠠᠤᠯᠢ ᠴᠠᠭᠠᠵᠠ ᠶᠢᠨ ᠶᠠᠮᠤᠨ ᠤ  ᠬᠢᠨᠠᠨ ᠰᠢᠯᠭᠠᠬᠤ ᠨᠠᠷᠢᠨ ᠳᠦᠷᠢᠮ ᠢ ᠨᠡᠶᠢᠲᠡᠯᠡᠭᠰᠡᠨ ᠤ ᠳᠠᠷᠠᠭ᠎ᠠ ᠭᠤᠶᠤᠴᠢᠯᠠᠨ ᠮᠡᠳᠡᠭᠦᠯᠵᠦ ᠪᠣᠯᠤᠨ᠎ᠠ︶ ᠠᠯᠪᠠᠨ  ᠬᠠᠤᠯᠢᠴᠢ ᠶᠢᠨ ᠦᠨᠡᠮᠯᠡᠯ ᠣᠯᠭᠤᠵᠤ ᠪᠣᠯᠤᠨ᠎ᠠ᠄ ︵ᠨᠢᠭᠡ︶ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ  ᠪᠦᠯᠬᠦᠮ ᠳᠤ ᠬᠠᠤᠯᠢ ᠴᠠᠭᠠᠵᠠ ᠶᠢᠨ ᠵᠥᠪᠯᠡᠭᠴᠢ ᠪᠣᠯᠣᠭᠠᠳ ᠪᠦᠬᠦᠯᠢ ᠠᠷᠪᠠᠨ ᠲᠠᠪᠤᠨ ᠵᠢᠯ ᠪᠣᠯᠤᠭᠰᠠᠨ ᠪᠠᠶᠢᠬᠤ︔  ︵ᠬᠤᠶᠠᠷ︶ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠥᠷᠥᠯ ᠤᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ ᠪᠥᠭᠡᠳ ᠤᠶᠤᠲᠠᠨ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠣᠯᠠ ᠲᠠᠢ ᠪᠤᠶᠤ  ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠥᠷᠥᠯ ᠤᠨ ᠪᠤᠰᠤ ᠵᠢᠩᠬᠢᠨᠢ ᠠᠩᠭᠢ ᠵᠢᠴᠢ  ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠥᠭᠡᠳ ᠬᠠᠤᠯᠢ ᠴᠠᠭᠠᠵᠠ ᠶᠢᠨ ᠮᠠᠰᠲ᠋ᠧᠷ᠂ ᠬᠠᠤᠯᠢ ᠶᠢᠨ  ᠤᠬᠠᠭᠠᠨ ᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠣᠯᠠ ᠤᠯᠤᠭᠰᠠᠨ ᠪᠤᠶᠤ ᠪᠤᠰᠤᠳ  ᠵᠣᠬᠢᠴᠠᠩᠭᠤᠶ ᠡᠷᠳᠡᠮ ᠤᠨ ᠴᠣᠯᠠ ᠤᠯᠤᠭᠰᠠᠨ ᠪᠠᠶᠢᠬᠤ︔ ︵ᠭᠤᠷᠪᠠ︶ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠤᠶᠤ ᠠᠳᠠᠯᠢ ᠲᠠᠰ ᠤᠨ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠢ᠃ ᠡᠮᠦᠨ᠎ᠡ  ᠵᠤᠷᠪᠤᠰᠯᠠᠭᠰᠠᠨ ᠲᠣᠭᠲᠠᠭᠠᠯ ᠶᠣᠰᠣᠭᠠᠷ ᠠᠯᠪᠠᠨ ᠲᠤᠰᠢᠶᠠᠯᠲᠤ ᠬᠠᠤᠯᠢᠴᠢ ᠶᠢᠨ ᠦᠨᠡᠮᠯᠡᠯ ᠣᠯᠤᠭᠰᠠᠨ ᠬᠥᠮᠦᠰ ᠤᠤᠯ ᠨᠢᠭᠡᠴᠢ ᠠᠴᠠ ᠪᠠᠨ ᠰᠠᠯᠤᠭᠰᠠᠨ ᠤ ᠳᠠᠷᠠᠭ᠎ᠠ ᠨᠡᠶᠢᠭᠡᠮ ᠤᠨ ᠬᠠᠤᠯᠢᠴᠢ ᠶᠢᠨ ᠠᠵᠢᠯ ᠡᠷᠬᠢᠯᠡᠬᠦ ᠪᠠᠷ ᠭᠤᠶᠤᠴᠢᠯᠠᠭᠰᠠᠨ  ᠪᠠᠶᠢᠪᠠᠯ᠂ ᠤᠯᠤᠰ ᠤᠨ ᠨᠢᠭᠡᠳᠦᠯᠲᠡᠶ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠭᠡᠮ ᠤᠨ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃         ᠢᠷᠡᠯᠲᠡ᠄  ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号