| | | | ᠭᠤᠷᠪᠠᠳᠤᠭᠠᠷ ᠪᠦᠯᠦᠭ ᠭᠤᠤᠯ ᠡᠭᠦᠷᠭᠡ ᠬᠠᠷᠢᠭᠤᠴᠠᠯᠭ᠎ᠠ | ᠠᠷᠪᠠᠨ ᠲᠠᠪᠤᠳᠤᠭᠠᠷ ᠵᠦᠢᠯ ᠠᠯᠪᠠᠨ ᠬᠠᠤᠯᠢᠴᠢ ᠨᠢ ᠪᠠᠶᠢᠭ᠎ᠠ ᠨᠢᠭᠡᠴᠢ ᠶᠢᠨ ᠢᠶᠠᠨ ᠨᠠᠶᠢᠳᠠᠯᠭ᠎ᠠ ᠶᠢ ᠬᠦᠯᠢᠶᠡᠬᠦ | ᠪᠤᠶᠤ ᠵᠢᠭᠠᠨ ᠲᠤᠮᠢᠯᠠᠯᠲᠠ ᠪᠠᠷ ᠳᠣᠣᠷ᠎ᠠ ᠵᠢᠭᠰᠠᠭᠠᠭᠰᠠᠨ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠭᠦᠢᠴᠡᠳᠬᠡᠵᠦ | ᠪᠣᠯᠤᠨ᠎ᠠ᠄ ︵ᠨᠢᠭᠡ︶ ᠪᠠᠶᠢᠭ᠎ᠠ ᠨᠢᠭᠡᠴᠢ ᠶᠢᠨ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠳᠤ | ᠬᠠᠤᠯᠢ ᠴᠠᠭᠠᠵᠠ ᠶᠢᠨ ᠰᠠᠨᠠᠯ ᠬᠠᠩᠭᠠᠨ᠎ᠠ︔ ︵ᠬᠤᠶᠠᠷ︶ ᠬᠠᠤᠯᠢ ᠴᠠᠭᠠᠵᠠ ᠬᠠᠤᠯᠢ ᠲᠣᠭᠲᠠᠭᠠᠯ ᠤᠨ ᠳᠦᠷᠢᠮ | ᠲᠣᠭᠲᠠᠭᠠᠯ ᠤᠨ ᠲᠥᠰᠦᠯ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠥᠰᠦᠯ ᠪᠠ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠬᠦᠷᠭᠡᠵᠦ ᠬᠢᠨᠠᠭᠤᠯᠬᠤ ᠨᠤᠤᠷᠠᠭ ᠢ ᠲᠤᠭᠤᠷᠪᠢᠨ ᠪᠢᠴᠢᠬᠦ᠂ ᠨᠤᠲᠠᠯᠠᠬᠤ ᠳᠤ | ᠤᠷᠤᠯᠴᠠᠨ᠎ᠠ︔ ︵ᠭᠤᠷᠪᠠ︶ ᠬᠠᠮᠲᠤᠷᠠᠨ ᠠᠵᠢᠯᠯᠠᠬᠤ ᠲᠥᠷᠥᠯ ᠵᠦᠢᠯ ᠢ ᠬᠡᠯᠡᠯᠴᠡᠬᠦ᠂ ᠭᠠᠳᠠᠭᠰᠢ ᠳᠠᠭᠠᠭᠠᠴᠢᠯᠠᠯᠲᠠ | ᠵᠠᠷᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠤᠴᠢᠷ ᠶᠠᠪᠤᠳᠠᠯ ᠳᠤ ᠣᠷᠣᠯᠴᠠᠵᠤ᠂ ᠴᠢᠬᠤᠯᠠ | ᠬᠠᠤᠯᠢ ᠴᠠᠭᠠᠵᠠ ᠶᠢᠨ ᠪᠢᠴᠢᠭ ᠬᠠᠷ᠎ᠠ ᠪᠤᠶᠤ ᠭᠡᠷ᠎ᠡ᠂ ᠬᠡᠯᠡᠯᠴᠡᠭᠡᠷ ᠢ ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ᠂ | ᠬᠢᠨᠠᠨ ᠬᠠᠷᠭᠤᠭᠤᠯᠤᠨ᠎ᠠ︔ ︵ᠲᠦᠷᠪᠡ︶ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠵᠥᠷᠢᠴᠡᠯ ᠢ | ᠡᠶᠡᠳᠡᠭᠦᠯᠦᠨ ᠰᠢᠢᠳᠪᠦᠷᠢᠯᠡᠬᠦ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠬᠡᠷᠡᠭ ᠢ | ᠰᠢᠢᠳᠪᠦᠷᠢᠯᠡᠬᠦ᠂ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ᠂ ᠤᠯᠤᠰ ᠤᠨ ᠲᠥᠯᠥᠪᠦᠷᠢ ᠥᠭᠬᠦ ᠵᠡᠷᠭᠡ ᠠᠵᠢᠯ ᠳᠤ ᠤᠷᠤᠯᠴᠠᠨ᠎ᠠ︔ ︵ᠲᠠᠪᠤ︶ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠢᠨᠠᠨ ᠬᠠᠷᠭᠤᠭᠤᠯᠬᠤ᠂ ᠵᠠᠰᠠᠭ ᠵᠠᠬᠢᠷᠭᠠᠨ ᠤ ᠲᠤᠭᠲᠠᠭᠠᠯᠲᠠ᠂ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠵᠡᠷᠭᠡ ᠠᠵᠢᠯ ᠳᠤ ᠤᠷᠤᠯᠴᠠᠨ᠎ᠠ︔ ︵ᠵᠢᠷᠭᠤᠭ᠎ᠠ︶ ︽ | ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠨᠢᠭᠦᠯᠦᠨ᠎ᠡ︔ ︵ | ᠲᠤᠯᠤᠭ᠎ᠠ︶ ᠢᠷᠭᠡᠨ ᠤ ᠬᠡᠷᠡᠭ ᠤᠨ ᠵᠠᠷᠭᠤᠯᠳᠤᠬᠤ ᠪᠠ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠵᠡᠷᠭᠡ ᠬᠠᠤᠯᠢ | ᠴᠠᠭᠠᠵᠠ ᠶᠢᠨ ᠬᠡᠷᠡᠭ ᠶᠠᠪᠤᠳᠠᠯ ᠢ ᠰᠢᠢᠳᠪᠦᠷᠢᠯᠡᠨ᠎ᠡ︔ ︵ᠨᠠᠢᠮᠠ︶ ᠪᠠᠶᠢᠭ᠎ᠠ ᠨᠢᠭᠡᠴᠢ ᠶᠢᠨ ᠨᠠᠶᠢᠳᠠᠭᠰᠠᠨ ᠪᠤᠶᠤ | ᠵᠢᠭᠠᠨ ᠲᠣᠮᠢᠯᠠᠭᠰᠠᠨ ᠪᠤᠰᠤᠳ ᠬᠠᠤᠯᠢ ᠴᠠᠭᠠᠵᠠ ᠶᠢᠨ ᠬᠡᠷᠡᠭ ᠶᠠᠪᠤᠳᠠᠯ᠃ | ᠠᠷᠪᠠᠨ ᠵᠢᠷᠭᠤᠳᠤᠭᠠᠷ ᠵᠦᠢᠯ ᠠᠯᠪᠠᠨ ᠬᠠᠤᠯᠢᠴᠢ ᠬᠠᠤᠯᠢ ᠶᠣᠰᠣᠭᠠᠷ ᠠᠭᠤᠯᠵᠠᠬᠤ᠂ ᠡᠪᠬᠡᠮᠡᠯ ᠦᠵᠡᠬᠦ᠂ | ᠪᠠᠶᠢᠴᠠᠭᠠᠵᠤ ᠭᠡᠷᠡᠴᠢ ᠠᠪᠬᠤ ᠪᠠ ᠠᠰᠠᠭᠤᠬᠤ᠂ ᠲᠤᠯᠭᠠᠨ ᠭᠡᠷᠡᠴᠢᠯᠡᠬᠦ᠂ ᠮᠠᠷᠭᠤᠯᠳᠤᠬᠤ᠂ ᠥᠮᠥᠭᠯᠡᠬᠦ ᠵᠡᠷᠭᠡ | ᠡᠷᠬᠡ ᠲᠠᠢ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠠᠢ ᠬᠤᠯᠪᠣᠭᠳᠠᠬᠤ ᠮᠡᠳᠡᠭᠡ ᠵᠠᠩᠭᠢ᠂ ᠪᠢᠴᠢᠭ | ᠮᠠᠲ᠋ᠧᠷᠢᠶᠠᠯ᠂ ᠮᠠᠲ᠋ᠧᠷᠢᠶᠠᠯ ᠪᠠ ᠪᠤᠰᠤᠳ ᠡᠷᠬᠡᠪᠰᠢ ᠬᠢᠬᠦ ᠠᠵᠢᠯ ᠤᠨ ᠡᠷᠬᠡ ᠲᠤᠰᠢᠶᠠᠯ᠂ ᠨᠥᠬᠦᠴᠡᠯ ᠢ ᠤᠯᠬᠤ | ᠡᠷᠬᠡ ᠲᠠᠢ᠃ ᠠᠯᠪᠠᠨ ᠬᠠᠤᠯᠢᠴᠢ ᠨᠢ ᠪᠠᠶᠢᠭ᠎ᠠ ᠨᠢᠭᠡᠴᠢ ᠶᠢᠨ ᠢᠶᠠᠨ ᠬᠠᠮᠢᠶᠠᠷᠤᠯᠲᠠ᠂ ᠬᠢᠨᠠᠯᠲᠠ ᠶᠢ ᠬᠦᠯᠢᠶᠡᠵᠦ᠂ | ᠨᠠᠶᠢᠳᠠᠯᠭ᠎ᠠ ᠪᠤᠶᠤ ᠵᠢᠭᠠᠨ ᠲᠤᠮᠢᠯᠠᠯᠲᠠ ᠶᠢ ᠦᠨᠳᠦᠰᠦᠯᠡᠨ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠭᠦᠢᠴᠡᠳᠬᠡᠵᠦ᠂ | ᠬᠠᠤᠯᠢ ᠴᠠᠭᠠᠵᠠ ᠶᠢᠨ ᠲᠦᠯᠦᠪᠦᠷᠢᠲᠦ ᠦᠢᠯᠡᠴᠢᠯᠡᠭᠡ ᠬᠢᠵᠦ ᠪᠣᠯᠬᠤ ᠦᠭᠡᠶ᠂ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠲᠤᠰᠢᠶᠠᠯ ᠬᠠᠪᠰᠤᠷᠭᠠᠨ ᠡᠭᠦᠷᠭᠡᠯᠡᠵᠦ | ᠪᠣᠯᠬᠤ ᠦᠭᠡᠶ᠃ ᠠᠯᠪᠠᠨ ᠬᠠᠤᠯᠢᠴᠢ ᠨᠢ ᠬᠠᠤᠯᠢᠴᠢ ᠶᠢᠨ ᠬᠤᠪᠢ ᠪᠠᠷ ᠪᠠᠶᠢᠭ᠎ᠠ ᠨᠢᠭᠡᠴᠢ ᠠᠴᠠ ᠪᠠᠨ ᠭᠠᠳᠠᠨᠠᠬᠢ ᠵᠠᠷᠭᠤ | ᠪᠤᠶᠤ ᠵᠠᠷᠭᠤ ᠶᠢᠨ ᠪᠤᠰᠤ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠭᠦᠢᠴᠡᠳᠬᠡᠵᠦ ᠪᠣᠯᠬᠤ ᠦᠭᠡᠶ᠃ | ᠠᠷᠪᠠᠨ ᠳᠣᠯᠣᠳᠤᠭᠠᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ ᠨᠢ ᠤᠯᠤᠰ ᠤᠨ ᠬᠤᠯᠪᠤᠭᠳᠠᠯ | ᠪᠦᠬᠦᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠯᠪᠠᠨ ᠬᠠᠤᠯᠢᠴᠢ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠣᠷᠣᠯᠴᠠᠬᠤ ᠶᠠᠪᠤᠴᠠ᠂ ᠬᠠᠤᠯᠢ ᠴᠠᠭᠠᠵᠠ ᠶᠢᠨ ᠰᠠᠨᠠᠯ ᠳᠤᠷᠠᠳᠬᠤ ᠶᠢ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢᠨ ᠴᠢᠬᠤᠯᠠ ᠳᠡᠰ ᠳᠠᠷᠠᠭᠠᠯᠠᠯ ᠪᠣᠯᠭᠠᠨ᠎ᠠ᠃ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ ᠨᠢ ᠴᠢᠬᠤᠯᠠ | ᠶᠡᠭᠡ ᠤᠴᠢᠷ ᠶᠠᠪᠤᠳᠠᠯ ᠢ ᠶᠠᠷᠢᠯᠴᠠᠵᠤ ᠲᠤᠭᠲᠠᠭᠠᠬᠤ ᠠᠴᠠ ᠡᠮᠦᠨ᠎ᠡ᠂ ᠠᠯᠪᠠᠨ ᠬᠠᠤᠯᠢᠴᠢ ᠶᠢᠨ ᠬᠠᠤᠯᠢ | ᠴᠠᠭᠠᠵᠠ ᠶᠢᠨ ᠰᠠᠨᠠᠯ ᠢ ᠰᠣᠨᠣᠰᠬᠤ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠪᠠᠨ | ᠬᠠᠤᠯᠢᠴᠢ ᠶᠢᠨ ᠬᠠᠤᠯᠢ ᠴᠠᠭᠠᠵᠠ ᠶᠢᠨ ᠰᠠᠨᠠᠯ ᠢ ᠰᠣᠨᠣᠰᠬᠤ ᠶᠣᠰᠣᠲᠠᠶ ᠪᠠᠶᠢᠲᠠᠯ᠎ᠠ ᠰᠣᠨᠣᠰᠤᠭᠰᠠᠨ ᠦᠭᠡᠶ ᠤᠴᠢᠷ | ᠶᠠᠪᠤᠳᠠᠯ ᠡᠰᠡᠬᠦᠯ᠎ᠡ ᠠᠯᠪᠠᠨ ᠬᠠᠤᠯᠢᠴᠢ ᠶᠢᠨ ᠬᠠᠤᠯᠢ ᠳᠤ ᠨᠡᠶᠢᠴᠡᠬᠦ ᠦᠭᠡᠶ ᠭᠡᠵᠦ ᠦᠵᠡᠭᠰᠡᠨ ᠤᠴᠢᠷ ᠶᠠᠪᠤᠳᠠᠯ ᠢ | ᠶᠠᠷᠢᠯᠴᠠᠭᠤᠯᠬᠤ ᠪᠠᠷ ᠲᠤᠰᠢᠶᠠᠬᠤ᠂ ᠲᠣᠭᠲᠠᠭᠠᠯ ᠭᠠᠷᠭᠠᠵᠤ ᠪᠣᠯᠬᠤ ᠦᠭᠡᠶ᠃ ᠠᠯᠪᠠᠨ ᠲᠤᠰᠢᠶᠠᠯᠲᠤ ᠬᠠᠤᠯᠢᠴᠢ ᠶᠢᠨ | ᠠᠵᠢᠯᠯᠠᠵᠤ ᠪᠠᠶᠢᠭ᠎ᠠ ᠨᠢᠭᠡᠴᠢ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ | ᠲᠣᠭᠲᠠᠭᠠᠯ ᠤᠨ ᠡᠬᠡ ᠨᠤᠤᠷᠠᠭ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠡᠬᠡ ᠨᠤᠤᠷᠠᠭ ᠪᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠷᠭᠡᠵᠦ ᠬᠢᠨᠠᠭᠤᠯᠬᠤ ᠡᠬᠡ ᠨᠤᠤᠷᠠᠭ ᠢ ᠲᠤᠭᠤᠷᠪᠢᠨ | ᠨᠤᠲᠠᠯᠠᠬᠤ ᠳᠤ ᠠᠯᠪᠠᠨ ᠬᠠᠤᠯᠢᠴᠢ ᠶᠢ ᠣᠷᠣᠯᠴᠠᠭᠤᠯᠬᠤ ᠪᠤᠶᠤ ᠲᠡᠭᠦᠨ ᠤ ᠬᠠᠤᠯᠢ ᠴᠠᠭᠠᠵᠠ ᠶᠢᠨ ᠰᠠᠨᠠᠯ ᠢ | ᠰᠣᠨᠣᠰᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ ᠨᠢ ᠠᠯᠪᠠᠨ ᠬᠠᠤᠯᠢᠴᠢ ᠶᠢᠨ | ᠴᠢᠬᠤᠯᠠ ᠬᠤᠷᠠᠯ ᠳᠤ ᠰᠤᠯᠠ ᠣᠷᠣᠯᠴᠠᠬᠤ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠤᠯᠢ ᠴᠠᠭᠠᠵᠠ ᠶᠢᠨ | ᠰᠠᠨᠠᠯ ᠭᠠᠷᠭᠠᠬᠤ᠂ ᠬᠠᠮᠢᠶ᠎ᠠ ᠪᠦᠬᠦᠢ ᠪᠢᠴᠢᠭ ᠬᠠᠷ᠎ᠠ ᠶᠢ ᠬᠢᠨᠠᠨ ᠭᠠᠷ ᠤᠨ ᠦᠰᠦᠭ ᠵᠢᠷᠤᠬᠤ ᠠᠵᠢᠯ ᠤᠨ ᠴᠤᠪᠤᠷᠠᠯ | ᠪᠣᠯᠤᠨ ᠲᠥᠷᠢᠮ ᠤᠨ ᠲᠤᠬᠢᠷᠠᠭᠤᠯᠤᠯᠳᠠ ᠶᠢ ᠪᠦᠷᠢᠨᠰᠢᠭᠦᠯᠵᠦ᠂ ᠴᠢᠬᠤᠯᠠ ᠪᠦᠬᠦᠢ ᠠᠯᠪᠠᠯᠠᠬᠤ ᠨᠥᠬᠦᠴᠡᠯ ᠪᠠ | ᠵᠠᠷᠤᠳᠠᠯ ᠤᠨ ᠳᠡᠮᠵᠢᠯᠭᠡ ᠬᠠᠩᠭᠠᠵᠤ᠂ ᠠᠯᠪᠠᠨ ᠬᠠᠤᠯᠢᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠠᠯᠪᠠᠨ ᠬᠠᠤᠯᠢᠴᠢ ᠨᠢ ᠬᠠᠤᠯᠢᠴᠢ ᠶᠢᠨ ᠨᠡᠶᠢᠭᠡᠮᠯᠢᠭ ᠲᠤ ᠣᠷᠣᠵᠤ᠂ ᠭᠡᠰᠢᠭᠦᠨ ᠤ | ᠡᠷᠬᠡ ᠶᠢ ᠡᠳ᠋ᠯᠡᠬᠦ ᠮᠦᠷᠲᠡᠭᠡᠨ ᠭᠡᠰᠢᠭᠦᠨ ᠤ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠲᠥᠪ ᠤᠨ ᠨᠠᠮ ᠵᠠᠰᠠᠭ ᠤᠨ | ᠪᠠᠶᠢᠭᠤᠯᠭ᠎ᠠ ᠪᠠ ᠠᠷᠠᠳ ᠤᠨ ᠪᠦᠯᠬᠦᠮ ᠤᠨ ᠠᠯᠪᠠᠨ ᠬᠠᠤᠯᠢᠴᠢ ᠪᠦᠬᠦ ᠤᠯᠤᠰ ᠤᠨ ᠬᠠᠤᠯᠢᠴᠢ ᠶᠢᠨ ᠨᠡᠶᠢᠭᠡᠮᠯᠢᠭ ᠲᠤ | ᠤᠷᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠣᠷᠣᠭᠰᠢᠬᠢ ᠨᠠᠮ ᠵᠠᠰᠠᠭ ᠤᠨ | ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠤᠨ ᠠᠯᠪᠠᠨ ᠬᠠᠤᠯᠢᠴᠢ᠂ ᠲᠥᠪ ᠤᠨ ᠨᠠᠮ ᠵᠠᠰᠠᠭ ᠤᠨ ᠪᠠᠶᠢᠭᠤᠯᠭ᠎ᠠ | ᠪᠣᠯᠤᠨ ᠠᠷᠠᠳ ᠤᠨ ᠪᠦᠯᠬᠦᠮ ᠤᠨ ᠣᠷᠣᠨ ᠨᠤᠲᠤᠭ ᠲᠤ ᠪᠠᠶᠢᠭ᠎ᠠ ᠡᠯ᠎ᠡ ᠱᠠᠲᠤᠨ ᠤ ᠰᠢᠭᠤᠳ ᠬᠠᠷᠢᠶ᠎ᠠ | ᠬᠠᠮᠢᠶᠠᠷᠤᠯᠲᠠ ᠶᠢᠨ ᠨᠢᠭᠡᠴᠢ ᠪᠣᠯᠤᠨ ᠲᠤᠮᠢᠯᠠᠨ ᠰᠠᠭᠤᠯᠭᠠᠭᠰᠠᠨ ᠨᠢᠭᠡᠴᠢ ᠶᠢᠨ ᠠᠯᠪᠠᠨ ᠬᠠᠤᠯᠢᠴᠢ ᠨᠢ ᠥᠪᠡᠷᠲᠡᠭᠡᠨ | ᠵᠠᠰᠠᠬᠤ ᠣᠷᠣᠨ ᠤ ᠬᠠᠤᠯᠢᠴᠢ ᠶᠢᠨ ᠨᠡᠶᠢᠭᠡᠮᠯᠢᠭ ᠲᠤ ᠤᠷᠤᠵᠤ᠂ ᠠᠶᠢᠮᠠᠭ ᠬᠤᠲᠠ ᠠᠴᠠ ᠳᠣᠷᠣᠭᠰᠢᠬᠢ ᠨᠠᠮ | ᠵᠠᠰᠠᠭ ᠤᠨ ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠤᠨ ᠠᠯᠪᠠᠨ ᠬᠠᠤᠯᠢᠴᠢ ᠨᠢ ᠠᠶᠢᠮᠠᠭ ᠬᠤᠲᠠ ᠶᠢᠨ | ᠬᠠᠤᠯᠢᠴᠢ ᠶᠢᠨ ᠨᠡᠶᠢᠭᠡᠮᠯᠢᠭ ᠲᠤ ᠤᠷᠤᠨ᠎ᠠ᠃ ᠵᠡᠷᠭᠡ ᠳᠤ ᠨᠢ ᠥᠪᠡᠷᠲᠡᠭᠡᠨ ᠵᠠᠰᠠᠬᠤ ᠣᠷᠣᠨ ᠤ ᠬᠠᠤᠯᠢᠴᠢ ᠶᠢᠨ | ᠨᠡᠶᠢᠭᠡᠮᠯᠢᠭ ᠤᠨ ᠭᠡᠰᠢᠭᠦᠨ ᠪᠤᠯᠬᠤ ᠳᠤ ᠬᠦᠷᠪᠡᠯ᠂ ᠠᠯᠪᠠᠨ ᠬᠠᠤᠯᠢᠴᠢ ᠶᠢᠨ ᠨᠡᠶᠢᠭᠡᠮᠯᠢᠭ ᠤᠨ ᠰᠦᠢᠳᠬᠡᠯ ᠢ ᠪᠠᠶᠢᠭ᠎ᠠ | ᠨᠢᠭᠡᠴᠢ ᠠᠴᠠ ᠡᠭᠦᠷᠭᠡᠯᠡᠨ᠎ᠡ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ | ᠬᠤᠷᠢᠳᠤᠭᠠᠷ ᠵᠦᠢᠯ ᠨᠠᠮ ᠵᠠᠰᠠᠭ ᠤᠨ ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠤᠳ ᠲᠤᠰ | ᠨᠢᠭᠡᠴᠢ ᠶᠢᠨ ᠢᠶᠠᠨ ᠠᠯᠪᠠᠨ ᠬᠠᠤᠯᠢᠴᠢ ᠶᠢ ᠰᠢᠯᠢᠨ ᠰᠣᠩᠭᠤᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠷᠢᠨ ᠨᠢᠭᠡᠳᠦᠭᠡᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ ᠶᠢᠨ ᠬᠠᠤᠯᠢ ᠴᠠᠭᠠᠵᠠ ᠶᠢᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠨᠢ ᠲᠤᠰ ᠨᠢᠭᠡᠴᠢ ᠶᠢᠨ ᠢᠶᠠᠨ ᠠᠯᠪᠠᠨ | ᠬᠠᠤᠯᠢᠴᠢ ᠶᠢᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠡᠭᠦᠷᠭᠡᠯᠡᠵᠦ᠂ ᠬᠡᠷᠡᠭᠴᠡᠭᠡ ᠪᠠᠨ | ᠦᠨᠳᠦᠰᠦᠯᠡᠨ ᠲᠤᠰ ᠨᠢᠭᠡᠴᠢ ᠶᠢᠨ ᠢᠶᠠᠨ ᠠᠯᠪᠠᠨ ᠬᠠᠤᠯᠢᠴᠢ ᠶᠢ ᠨᠢᠭᠡᠳᠦᠯᠲᠡᠶ ᠲᠦᠯᠦᠪᠯᠡᠨ ᠲᠣᠬᠢᠷᠠᠭᠤᠯᠬᠤ ᠪᠠ | ᠬᠡᠷᠡᠭᠯᠡᠵᠦ᠂ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠵᠢᠭᠠᠨ ᠲᠣᠮᠢᠯᠠᠬᠤ᠂ ᠳᠠᠭᠠᠭᠠᠨ ᠭᠦᠢᠴᠡᠳᠬᠡᠬᠦ᠂ ᠬᠠᠷᠢᠭᠤ | ᠲᠤᠰᠬᠠᠬᠤ᠂ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠤᠨ ᠴᠤᠪᠤᠷᠠᠯ ᠢ ᠲᠣᠭᠲᠠᠭᠠᠬᠤ ᠶᠢᠨ ᠬᠠᠮᠲᠤ | ᠲᠡᠭᠦᠯᠳᠡᠷᠵᠢᠭᠦᠯᠬᠦ ᠬᠡᠷᠡᠭᠲᠡᠶ᠃ ᠨᠠᠮ ᠵᠠᠰᠠᠭ ᠤᠨ ᠪᠠᠶᠢᠭᠤᠯᠭ᠎ᠠ ᠪᠣᠯᠤᠨ ᠠᠷᠠᠳ ᠤᠨ ᠪᠦᠯᠬᠦᠮ ᠨᠢ ᠠᠵᠢᠯ ᠤᠨ | ᠬᠡᠷᠡᠭᠴᠡᠭᠡ ᠪᠠᠨ ᠦᠨᠳᠦᠰᠦᠯᠡᠵᠦ᠂ ᠲᠤᠰ ᠰᠢᠰᠲ᠋ᠧᠮ ᠤᠨ ᠢᠶᠠᠨ ᠠᠯᠪᠠᠨ ᠬᠠᠤᠯᠢᠴᠢ ᠶᠢᠨ ᠠᠵᠢᠯ ᠤᠨ ᠨᠢᠭᠡᠳᠦᠯᠲᠡᠶ | ᠵᠢᠯᠣᠭᠤᠳᠬᠤ ᠪᠠ ᠬᠠᠮᠢᠶᠠᠷᠬᠤ ᠪᠠᠨ ᠴᠢᠩᠭᠠᠳᠬᠠᠵᠤ᠂ ᠬᠠᠷᠢᠶ᠎ᠠ ᠪᠦᠬᠦᠢ ᠡᠯ᠎ᠡ ᠨᠢᠭᠡᠴᠢ ᠶᠢᠨ ᠬᠤᠭᠤᠷᠣᠨᠳᠣ ᠠᠯᠪᠠᠨ | ᠬᠠᠤᠯᠢᠴᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠬᠡᠷᠡᠭᠯᠡᠨ᠎ᠡ᠃ ᠠᠯᠪᠠᠨ ᠲᠤᠰᠢᠶᠠᠯᠲᠤ ᠬᠠᠤᠯᠢᠴᠢ ᠨᠢ | ᠬᠠᠤᠯᠢᠴᠢ ᠶᠢᠨ ᠬᠤᠪᠢ ᠪᠠᠷ ᠠᠵᠢᠯᠯᠠᠵᠤ ᠪᠠᠶᠢᠭ᠎ᠠ ᠨᠢᠭᠡᠴᠢ ᠪᠠᠨ ᠲᠥᠯᠥᠭᠡᠯᠡᠨ ᠵᠠᠷᠭᠤᠯᠳᠤᠬᠤ᠂ ᠬᠥᠨᠳᠡᠯᠡᠨ ᠠᠴᠠ | ᠲᠠᠰᠤᠯᠬᠤ ᠵᠡᠷᠭᠡ ᠬᠠᠤᠯᠢ ᠴᠠᠭᠠᠵᠠ ᠶᠢᠨ ᠠᠵᠢᠯ ᠬᠢᠬᠦ ᠦᠶᠡᠰ᠂ ᠰᠢᠯᠵᠢᠭᠦᠯᠦᠨ ᠲᠣᠬᠢᠷᠠᠭᠤᠯᠬᠤ ᠪᠠ ᠬᠡᠷᠡᠭᠯᠡᠬᠦ ᠶᠢ | ᠬᠠᠷᠢᠭᠤᠴᠠᠬᠤ ᠨᠢᠭᠡᠴᠢ ᠨᠢ ᠬᠡᠷᠡᠭᠴᠡᠭᠡ ᠪᠠᠨ ᠦᠨᠳᠦᠰᠦᠯᠡᠨ ᠲᠡᠭᠦᠨ ᠳᠤ ᠨᠠᠶᠢᠳᠠᠯᠭ᠎ᠠ ᠶᠢᠨ ᠠᠯᠪᠠᠨ ᠵᠠᠬᠢᠳᠠᠯ ᠪᠢᠴᠢᠵᠦ | ᠥᠭᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠯᠪᠠᠨ | ᠬᠠᠤᠯᠢᠴᠢ ᠶᠢᠨ ᠪᠠᠶᠢᠭ᠎ᠠ ᠨᠢᠭᠡᠴᠢ ᠶᠢᠨ ᠬᠠᠮᠲᠤ ᠠᠯᠪᠠᠨ ᠬᠠᠤᠯᠢᠴᠢ ᠶᠢᠨ ᠳᠠᠩᠰᠠ ᠡᠪᠬᠡᠮᠡᠯ ᠪᠠᠶᠢᠭᠤᠯᠵᠤ᠂ ᠠᠯᠪᠠᠨ | ᠬᠠᠤᠯᠢᠴᠢ ᠶᠢᠨ ᠣᠨ ᠤ ᠬᠢᠨᠠᠨ ᠰᠢᠯᠭᠠᠯᠲᠠ ᠬᠢᠭᠰᠡᠨ᠂ ᠬᠥᠬᠢᠭᠦᠯᠦᠨ ᠱᠠᠩᠨᠠᠭᠰᠠᠨ᠂ ᠵᠠᠯᠬᠠᠭᠠᠨ ᠴᠡᠭᠡᠷᠯᠡᠭᠦᠯᠦᠭᠰᠡᠨ᠂ | ᠪᠣᠯᠪᠠᠰᠤᠷᠠᠭᠤᠯᠤᠯ ᠳᠤ ᠤᠷᠤᠯᠴᠠᠭᠰᠠᠨ ᠵᠡᠷᠭᠡ ᠪᠠᠶᠢᠳᠠᠯ ᠢ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ | ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ ᠨᠢ ᠲᠤᠰ ᠨᠢᠭᠡᠴᠢ ᠶᠢᠨ ᠠᠯᠪᠠᠨ | ᠬᠠᠤᠯᠢᠴᠢ ᠳᠤ ᠤᠨ ᠬᠢᠨᠠᠨ ᠰᠢᠯᠭᠠᠯᠲᠠ ᠬᠢᠵᠦ᠂ ᠲᠡᠭᠦᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠵᠢᠯ | ᠮᠡᠷᠭᠡᠵᠢᠯ ᠤᠨ ᠶᠣᠰᠣ ᠮᠣᠷᠠᠯ ᠢ ᠵᠢᠷᠤᠮᠯᠠᠭᠰᠠᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ᠂ ᠬᠠᠤᠯᠢ ᠴᠠᠭᠠᠵᠠ ᠶᠢᠨ ᠠᠵᠢᠯ ᠢ ᠡᠷᠬᠢᠯᠡᠭᠰᠡᠨ ᠲᠤᠭ᠎ᠠ ᠬᠡᠮᠵᠢᠶ᠎ᠡ ᠪᠣᠯᠤᠨ ᠴᠢᠨᠠᠷ ᠴᠢᠨᠰᠠᠭ᠎ᠠ ᠵᠡᠷᠭᠡ | ᠲᠠᠯ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠰᠢᠯᠭᠠᠵᠤ᠂ ᠲᠤᠰᠢᠶᠠᠯ ᠳᠤ ᠪᠠᠨ ᠲᠡᠩᠴᠡᠭᠰᠡᠨ᠂ | ᠲᠤᠰᠢᠶᠠᠯ ᠳᠤ ᠪᠠᠨ ᠦᠨᠳᠦᠰᠦᠨ ᠳᠤ ᠪᠠᠨ ᠳᠣᠭᠢᠷᠬᠠᠰᠠᠨ ᠪᠤᠶᠤ ᠲᠤᠰᠢᠶᠠᠯ ᠳᠤ ᠪᠠᠨ ᠦᠯᠦ ᠲᠡᠩᠴᠡᠭᠰᠡᠨ ᠬᠢᠨᠠᠨ | ᠰᠢᠯᠭᠠᠯᠲᠠ ᠶᠢᠨ ᠵᠡᠷᠭᠡ ᠲᠠᠰ ᠤᠨ ᠰᠠᠨᠠᠯ ᠳᠤᠷᠠᠳᠬᠤ ᠶᠢᠨ ᠬᠠᠮᠲᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠨᠢ ᠠᠯᠪᠠᠨ ᠬᠠᠤᠯᠢᠴᠢ ᠶᠢᠨ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠲᠥᠷᠢᠮ ᠪᠠᠶᠢᠭᠤᠯᠵᠤ᠂ ᠠᠯᠪᠠᠨ ᠬᠠᠤᠯᠢᠴᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ | ᠲᠣᠭᠲᠠᠭᠠᠵᠤ᠂ ᠠᠯᠪᠠᠨ ᠬᠠᠤᠯᠢᠴᠢ ᠳᠤ ᠲᠥᠷᠥ ᠶᠢᠨ ᠪᠣᠳᠣᠯᠭ᠎ᠠ ᠶᠢᠨ ᠣᠨᠣᠯ ᠤᠨ ᠪᠣᠯᠪᠠᠰᠤᠷᠠᠭᠤᠯᠤᠯ ᠪᠣᠯᠤᠨ ᠬᠠᠤᠯᠢ | ᠴᠠᠭᠠᠵᠠ ᠶᠢᠨ ᠪᠣᠳᠠᠲᠤ ᠠᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠦᠷᠨᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠠᠯᠪᠠᠨ ᠬᠠᠤᠯᠢᠴᠢ ᠶᠢᠨ ᠪᠠᠶᠢᠭ᠎ᠠ ᠨᠢᠭᠡᠴᠢ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠨᠢ ᠠᠯᠪᠠᠨ ᠬᠠᠤᠯᠢᠴᠢ ᠶᠢ ᠬᠥᠬᠢᠭᠦᠯᠦᠨ ᠰᠠᠶᠢᠰᠢᠶᠠᠬᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠢᠯᠴᠢ ᠬᠢᠴᠢᠶᠡᠩᠭᠦᠶ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ᠂ ᠢᠯᠡᠷᠡᠯ ᠨᠢ ᠰᠢᠯᠢᠳᠡᠭ᠂ ᠬᠤᠪᠢ ᠨᠡᠮᠡᠷᠢ ᠨᠢ ᠳᠤᠪᠤᠶᠢᠮ᠎ᠠ ᠪᠤᠯᠬᠤ ᠠᠯᠪᠠᠨ ᠬᠠᠤᠯᠢᠴᠢ ᠶᠢ | ᠬᠥᠬᠢᠭᠦᠯᠦᠨ ᠰᠠᠶᠢᠰᠢᠶᠠᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ᠂ ᠰᠢᠯᠢᠳᠡᠭ ᠪᠠ | ᠲᠡᠷᠢᠭᠦᠨ ᠤ ᠬᠢ ᠶᠢ ᠰᠢᠯᠭᠠᠷᠠᠭᠤᠯᠬᠤ᠂ ᠴᠢᠳᠠᠪᠤᠷᠢᠲᠠᠨ ᠢᠶᠠᠷ ᠪᠠᠲᠤᠯᠠᠨ ᠲᠠᠨᠢᠯᠴᠠᠭᠤᠯᠬᠤ᠂ ᠺᠠᠳ᠋ᠷ ᠢᠶᠠᠷ ᠰᠢᠯᠢᠨ | ᠳᠡᠪᠰᠢᠭᠦᠯᠬᠦ ᠵᠡᠷᠭᠡ ᠲᠠᠯ᠎ᠠ ᠪᠠᠷ ᠤᠷᠮᠠᠰᠢᠭᠤᠯᠬᠤ ᠬᠡᠷᠡᠭᠲᠡᠶ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠵᠢᠷᠭᠤᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠢ᠂ | ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ᠂ ᠲᠤᠰ ᠠᠷᠭ᠎ᠠ ᠪᠠᠷ ᠯᠠᠪᠯᠠᠯᠲᠠ ᠪᠣᠯᠭᠠᠨ ᠠᠯᠪᠠᠨ | ᠬᠠᠤᠯᠢᠴᠢ ᠲᠤᠬᠢᠷᠠᠭᠤᠯᠵᠦ ᠪᠣᠯᠤᠨ᠎ᠠ᠃ | ᠬᠤᠷᠢᠨ ᠳᠣᠯᠣᠳᠤᠭᠠᠷ ᠵᠦᠢᠯ ᠲᠣᠰ ᠬᠡᠷᠡᠭᠵᠢᠭᠦᠯᠬᠦ ᠠᠷᠭ᠎ᠠ ᠶᠢ ᠥᠪᠥᠷ ᠮᠣᠩᠭᠤᠯ ᠤᠨ ᠬᠠᠤᠯᠢ ᠴᠠᠭᠠᠵᠠ ᠶᠢᠨ | ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠨᠠᠢᠮᠠᠳᠤᠭᠠᠷ ᠵᠦᠢᠯ ᠲᠤᠰ ᠠᠷᠭ᠎ᠠ ᠶᠢ 2019 ᠣᠨ ᠤ 10 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠠᠯᠪᠠᠨ ᠬᠠᠤᠯᠢᠴᠢ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ︾ ᠶᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠤᠤᠯ ᠤᠨ | ᠳᠠᠷᠤᠮᠠᠯᠯᠠᠨ ᠲᠠᠷᠬᠠᠭᠠᠭᠰᠠᠨ ᠠᠯᠪᠠᠨ ᠬᠠᠤᠯᠢᠴᠢ ᠶᠢᠨ ᠲᠣᠭᠲᠠᠭᠠᠯ ᠨᠢ ᠲᠤᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ | ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ | | ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ |