| | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ | ᠰᠢᠶᠠᠨ ᠤ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ︽ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠠᠪᠤᠳᠤᠭᠠᠷ ᠤᠳᠠᠭᠠᠨ ᠤ | ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 22 ᠳ᠋ᠤᠭᠠᠷ ᠲᠣᠭᠠᠲᠤ︶᠂ ︽ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇ | 2023﹈ 5 ᠳ᠋ᠤᠭᠠᠷ ᠲᠣᠭᠠᠲᠤ︶᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠬᠦ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠤᠯᠠᠭᠠᠨ ᠵᠠᠰᠠᠭ ᠲᠠᠷᠬᠠᠭᠠᠭᠰᠠᠨ ﹇2023﹈ 11 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ | ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠬᠤᠯᠪᠣᠭᠳᠠᠯ ᠪᠦᠬᠦᠢ ᠤᠴᠢᠷ ᠢ ᠤᠳᠤ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ | ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ | ᠪᠠᠶᠢᠬᠤ ᠶᠢ ᠪᠠᠲᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ | ᠪᠤᠰᠤᠳᠴᠢ ᠪᠠᠷ ᠲᠤᠰᠬᠠᠨ᠎ᠠ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠠᠩᠬ᠎ᠠ | ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠯᠡᠵᠦ᠂ ᠪᠦᠬᠦ ᠰᠢᠶᠠᠨ ᠤ ᠬᠤᠶᠠᠳᠤᠭᠠᠷ | ᠠᠵᠤ ᠦᠢᠯᠡᠰ ᠪᠣᠯᠣᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ ᠪᠣᠯᠣᠨ ᠦᠷ᠎ᠡ | ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠡ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ | ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ | ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠥᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠥᠮ ᠤᠨ ᠪᠠᠶᠢᠭᠤᠯᠤᠯᠲᠠ ᠵᠡᠷᠭᠡ | ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ ᠲᠤᠭ᠎ᠠ | ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠲᠤᠭ᠎ᠠ ᠪᠦᠷᠢᠳᠬᠡᠯ ᠤᠨ | ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢ | ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ | ᠲᠦᠯᠬᠢᠨ ᠠᠬᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ | ᠬᠠᠩᠭᠠᠨ᠎ᠠ᠃ | ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠣᠨ ᠬᠡᠪᠴᠢᠶ᠎ᠡ | ᠨᠡᠶᠢᠳᠡᠮ ᠪᠠᠶᠢᠴᠠᠭᠠᠯᠲᠠ ᠶᠢᠨ ᠳ᠋ᠦᠢᠰᠢᠶᠠᠩ ᠪᠣᠯ ᠮᠠᠨ ᠤ ᠰᠢᠶᠠᠨ ᠤ ᠬᠢᠯᠢ ᠳᠣᠲᠣᠷ᠎ᠠ ᠬᠤᠶᠠᠳᠤᠭᠠᠷ ᠠᠵᠤ ᠦᠢᠯᠡᠰ ᠪᠠ | ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠬᠢᠵᠦ ᠪᠠᠶᠢᠭ᠎ᠠ ᠪᠦᠬᠦ ᠬᠠᠤᠯᠢ ᠶᠢᠨ ᠡᠷᠬᠡᠲᠡᠨ ᠤ ᠨᠢᠭᠡᠴᠢ᠂ ᠠᠵᠤ | ᠦᠢᠯᠡᠰ ᠤᠨ ᠠᠵᠢᠯᠯᠠᠭ᠎ᠠ ᠶᠢᠨ ᠨᠢᠭᠡᠴᠢ ᠪᠠ ᠬᠤᠪᠢ ᠶᠢᠨ ᠡᠵᠡᠩᠨᠡᠯᠲᠡ ᠶᠢᠨ ᠡᠷᠦᠬᠡ ᠪᠣᠯᠣᠨ᠎ᠠ᠃ ᠪᠣᠳᠠᠲᠠᠢ ᠬᠦᠷᠢᠶ᠎ᠡ | ᠬᠡᠪᠴᠢᠶ᠎ᠡ ᠳᠤ ᠪᠠᠭᠲᠠᠬᠤ ᠨᠢ᠄ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ | ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ | ᠦᠢᠯᠡᠰ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ | ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ | ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ | ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ | ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ | ᠭᠤᠷᠪᠠ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠴᠠᠭ ᠬᠤᠭᠤᠴᠠᠭ᠎ᠠ | ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ | ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠲᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ | ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ | ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠵᠤ᠂ | ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ ᠪᠣᠯᠣᠨ᠎ᠠ᠃ | ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠪᠠᠶᠢᠭᠤᠯᠤᠮᠵᠢ ᠶᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ᠎ᠠ᠃ ᠨᠢᠩᠴᠧᠩ ᠰᠢᠶᠠᠨ ᠤ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | ︵ᠳᠠᠭᠠᠯᠳᠤᠭᠤᠯᠤᠯ ᠳᠤ ᠦᠵᠡ︶ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠬᠠᠷᠢᠭᠤᠴᠠᠭᠤᠯᠤᠨ᠎ᠠ᠃ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠠᠮᠢᠶᠠᠷᠤᠯᠲᠠ ᠶᠢᠨ ᠠᠯᠪᠠᠨ ᠭᠡᠷ ᠨᠢ ᠵᠣᠬᠢᠴᠠᠩᠭᠤᠢ ᠪᠦᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠶᠢᠭᠤᠯᠤᠮᠵᠢ | ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠰᠢᠶᠠᠨ ᠤ ᠲᠤᠭ᠎ᠠ | ᠪᠦᠷᠢᠳᠬᠡᠯ ᠤᠨ ᠲᠣᠪᠴᠢᠶ᠎ᠠ ᠪᠦᠬᠦ ᠰᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠪᠣᠳᠠᠲᠠᠢ ᠬᠡᠷᠡᠭᠵᠢᠭᠦᠯᠬᠦ ᠪᠠ | ᠪᠦᠬᠦ ᠲᠠᠯ᠎ᠠ ᠪᠠᠷ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ | ᠬᠤᠯᠪᠣᠭᠳᠠᠬᠤ ᠵᠦᠢᠯᠡᠰ ᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ᠃ ᠲᠤᠭ᠎ᠠ | ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ ᠵᠦᠢᠯᠡᠰ ᠢ ᠰᠢᠶᠠᠨ ᠤ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠵᠤ | ᠵᠣᠬᠢᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ | ᠬᠠᠷᠢᠭᠤᠴᠠᠬᠤ ᠪᠠ ᠵᠣᠬᠢᠴᠠᠭᠤᠯᠤᠨ᠎ᠠ᠃ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠨᠢᠩᠴᠧᠩ ᠰᠢᠶᠠᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ᠃ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ | ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠤᠴᠢᠷ ᠶᠠᠪᠤᠳᠠᠯ ᠢ ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ | ᠠᠯᠪᠠᠨ ᠭᠡᠷ ᠠᠴᠠ ᠬᠠᠷᠢᠭᠤᠴᠠᠵᠤ ᠵᠣᠬᠢᠴᠠᠭᠤᠯᠤᠨ᠎ᠠ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ | ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠵᠣᠬᠢᠴᠠᠭᠤᠯᠤᠨ᠎ᠠ᠃ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠣᠯᠠᠬᠤ | ᠨᠣᠮᠧᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠳᠤ ᠬᠤᠯᠪᠣᠭᠳᠠᠬᠤ ᠵᠦᠢᠯᠡᠰ ᠢ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ᠃ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠲᠣᠥᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠢᠯᠡᠰ ᠢ | ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠪᠠᠩᠬᠢ᠂ ᠲᠡᠮᠳᠡᠭᠲᠦ᠂ ᠳᠠᠭᠠᠳᠬᠠᠯ᠂ | ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ ᠰᠢᠰᠲ᠋ᠧᠮ ᠢᠶᠠᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ | ᠨᠢᠭᠡᠴᠡ ᠨᠦᠭᠦᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ | ᠬᠤᠯᠪᠣᠭᠳᠠᠯ ᠪᠦᠬᠦᠢ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ | ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠣᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ | ᠣᠨᠣᠪᠴᠢᠲᠠᠶ ᠬᠠᠩᠭᠠᠬᠤ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠳ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠥᠬᠦ ᠰᠢᠶᠠᠨ ᠤ ᠨᠢᠭᠡᠳᠦᠯᠲᠡᠢ ᠠᠵᠢᠯ ᠤᠨ | ᠪᠠᠶᠢᠷᠢᠯᠠᠭᠤᠯᠤᠯᠲᠠ᠂ ᠴᠠᠭ ᠤᠨ ᠲᠣᠬᠢᠷᠠᠭᠤᠯᠤᠯᠲᠠ ᠵᠢᠴᠢ ᠠᠵᠢᠯᠯᠠᠭᠠᠨ ᠤ ᠵᠢᠷᠤᠮᠵᠢᠯ ᠶᠣᠰᠣᠭᠠᠷ᠂ ᠳᠡᠭᠡᠷ᠎ᠡ ᠠᠴᠠ ᠳᠣᠷᠣᠭᠰᠢ | ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ | ᠬᠡᠷᠡᠭᠲᠡᠢ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠨᠢ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠨᠠᠷᠢᠨ ᠨᠢᠭᠲᠠ ᠪᠠᠶᠢᠷᠢᠯᠠᠭᠤᠯᠬᠤ ᠬᠡᠷᠡᠭᠲᠡᠢ᠃ | ᠲᠠᠪᠤ᠂ ᠨᠡᠶᠢᠳᠡᠮ ᠪᠠᠶᠢᠴᠠᠭᠠᠯᠲᠠ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠨᠡᠶᠢᠳᠡᠮ ᠪᠠᠶᠢᠴᠠᠭᠠᠯᠲᠠ ᠶᠢᠨ ᠨᠥᠬᠦᠴᠡᠯ ᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠪᠠᠯᠭᠠᠰᠤ ᠰᠢᠶᠠᠩ ᠵᠡᠭᠡᠯᠢ | ᠭᠤᠳᠣᠮᠵᠢ ᠡᠯ᠎ᠡ ᠰᠠᠯᠠᠭ᠎ᠠ ᠮᠥᠴᠢᠷ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠲᠤ ᠬᠡᠷᠡᠭᠰᠡᠬᠦ ᠠᠵᠢᠯᠯᠠᠬᠤ ᠭᠠᠵᠠᠷ᠂ | ᠵᠠᠷᠤᠳᠠᠯ᠂ ᠲᠥᠬᠦᠭᠡᠷᠦᠮᠵᠢ ᠵᠡᠷᠭᠡ ᠶᠢᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠡᠯ᠎ᠡ ᠪᠠᠯᠭᠠᠰᠤ | ᠰᠢᠶᠠᠩ ᠵᠡᠭᠡᠯᠢ ᠭᠤᠳᠣᠮᠵᠢ ᠶᠢᠨ ᠬᠢᠨ ᠰᠢᠯᠵᠢᠭᠦᠯᠦᠨ ᠥᠭᠬᠦ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠵᠤ᠂ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠤᠨ ᠵᠠᠷᠤᠯᠭ᠎ᠠ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠰᠠᠯᠭᠠᠨ ᠥᠭᠬᠦ ᠶᠢ ᠦᠨᠡᠨᠬᠦ | ᠪᠠᠲᠤᠯᠠᠬᠤ ᠬᠡᠷᠡᠭᠲᠡᠢ᠃ | ︵ᠬᠤᠶᠠᠷ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠰᠢᠶᠠᠨ ᠰᠢᠶᠠᠩ ᠬᠤᠶᠠᠷ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ᠂ ᠨᠡᠶᠢᠳᠡᠮ | ᠪᠠᠶᠢᠴᠠᠭᠠᠭᠴᠢ ᠶᠢ ᠨᠠᠷᠢᠨ ᠨᠢᠮᠪᠠᠢ ᠰᠣᠩᠭᠤᠨ ᠲᠣᠬᠢᠷᠠᠭᠤᠯᠵᠤ᠂ ᠪᠣᠯᠪᠠᠰᠤᠷᠠᠭᠤᠯᠤᠯ ᠪᠣᠯᠣᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠂ ᠦᠵᠡᠯ ᠰᠠᠨᠠᠭ᠎ᠠ ᠪᠠᠷ ᠰᠠᠶᠢᠨ᠂ ᠬᠡᠪ ᠴᠢᠨᠠᠷ ᠢᠶᠠᠷ ᠥᠨᠳᠥᠷ᠂ ᠬᠠᠷᠢᠭᠤᠴᠠᠯᠭᠠᠲᠤ ᠰᠡᠳᠬᠢᠯᠭᠡ ᠢᠶᠠᠷ ᠴᠢᠩᠭ᠎ᠠ | ᠨᠢᠭᠡᠨ ᠰᠠᠯᠠᠭ᠎ᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠢ᠃ | ︵ᠭᠤᠷᠪᠠ︶ ᠥᠷᠭᠡᠨ ᠢᠶᠠᠷ ᠤᠬᠠᠭᠤᠯᠵᠤ ᠬᠥᠲᠥᠯᠥᠨ ᠵᠢᠯᠣᠭᠤᠳᠤᠨ᠎ᠠ᠃ ᠰᠢᠶᠠᠨ ᠰᠢᠶᠠᠩ ᠬᠤᠶᠠᠷ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠢ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠰᠣᠨᠢᠨ ᠰᠡᠳᠬᠦᠯ᠂ ᠷᠠᠳᠢᠣ᠋ | ᠨᠡᠪᠲᠡᠷᠡᠭᠦᠯᠭᠡ᠂ ᠲᠧᠯᠸᠢᠰ᠂ ᠰᠦᠯᠵᠢᠶᠡᠨ ᠥᠷᠲᠡᠭᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠤᠷᠢᠶ᠎ᠠ ᠯᠣᠽᠦ᠋ᠩ᠂ ᠵᠠᠷ ᠮᠡᠳᠡᠭᠡ᠂ ᠵᠢᠴᠢ ᠸᠢᠴᠠᠲ᠂ ᠣᠬᠤᠷ ᠬᠠᠷᠠᠭᠠᠨ ᠳᠠᠪᠲᠠᠮᠵᠢ ᠵᠡᠷᠭᠡ ᠰᠢᠨ᠎ᠡ | ᠵᠠᠭᠤᠴᠢᠯᠠᠭᠤᠷ ᠤᠨ ᠤᠯᠠᠮᠵᠢᠯᠠᠬᠤ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ | ᠳᠠᠶᠢᠴᠢᠯᠠᠯᠲᠠ ᠶᠢ ᠭᠦᠨᠵᠡᠭᠡᠢ ᠥᠷᠨᠢᠭᠦᠯᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠂ ᠠᠴᠢ | ᠬᠤᠯᠪᠣᠭᠳᠠᠯ ᠪᠠ ᠱᠠᠭᠠᠷᠳᠠᠯᠭ᠎ᠠ ᠶᠢ ᠶᠡᠬᠡᠪᠡᠷ ᠤᠬᠠᠭᠤᠯᠤᠨ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ | ᠬᠥᠲᠥᠯᠥᠨ ᠵᠢᠯᠤᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠨᠡᠶᠢᠳᠡᠮ | ᠪᠠᠶᠢᠴᠠᠭᠠᠯᠲᠠ ᠳᠤ ᠪᠦᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ | ᠶᠠᠪᠤᠭᠳᠠᠬᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | | ᠵᠢᠷᠭᠤᠭ᠎ᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠪᠣᠯᠣᠨ | ᠨᠡᠶᠢᠳᠡᠮ ᠪᠠᠶᠢᠴᠠᠭᠠᠯᠲᠠ ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ | ᠪᠦᠷᠢᠳᠬᠡᠯ ᠤᠨ ᠬᠠᠤᠯᠢ︾᠂︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ | ᠬᠡᠷᠡᠭᠵᠢᠭᠦᠯᠬᠦ ᠳᠦᠷᠢᠮ︾᠂︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ | ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠢ ᠳᠤ ᠨᠢ᠂ ᠦᠨᠡᠨ | ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠬᠤᠳᠠᠯ ᠢᠶᠠᠷ ᠮᠡᠳᠡᠭᠦᠯᠵᠦ᠂ | ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠨᠠᠶᠢᠷᠠᠭᠤᠯᠤᠨ ᠵᠠᠰᠠᠵᠤ ᠪᠣᠯᠬᠤ ᠦᠭᠡᠢ᠂ ᠡᠯ᠎ᠡ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠢᠭᠤᠴᠠ ᠶᠢ ᠬᠠᠮᠠᠭᠠᠯᠠᠬᠤ ᠡᠭᠦᠷᠭᠡ ᠪᠠᠨ | ᠴᠢᠩᠭ᠎ᠠ ᠭᠦᠢᠴᠡᠳᠬᠡᠬᠦ ᠬᠡᠷᠡᠭᠲᠡᠢ᠃ ᠨᠡᠶᠢᠳᠡᠮ ᠪᠠᠶᠢᠴᠠᠭᠠᠬᠤ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ ᠰᠠᠬᠢᠯᠭ᠎ᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠ ᠢᠯᠡᠴᠢᠯᠡᠬᠦ | ᠬᠡᠷᠡᠭᠲᠡᠢ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ | ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ | ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ | ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ | ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ | ᠬᠠᠭᠤᠷᠮᠠᠭ ᠢᠶᠠᠷ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ | ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮ ᠪᠣᠯᠣᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠪᠠ | ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ | ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ | ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯᠣᠨ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ | ᠪᠠ ᠬᠡᠷᠡᠭᠯᠡᠬᠦ ᠶᠢᠨ ᠠᠶᠤᠯ ᠦᠭᠡᠢ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ | ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠡᠯᠧᠺᠲᠷᠣᠨ | ᠦᠵᠦᠭᠦᠷ ᠤᠨ ᠲᠤᠬᠠᠢ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ | ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠪᠠᠶᠢᠩᠭᠤᠵᠢᠭᠰᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ | ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠵᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ | ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ | ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ | ︵ᠳᠥᠷᠪᠡ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠰᠢᠶᠠᠨ ᠰᠢᠶᠠᠩ ᠬᠤᠶᠠᠷ ᠱᠠᠲᠤᠨ ᠤ | ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ | ᠨᠡᠶᠢᠲᠡᠯᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨ᠎ᠡ ᠦᠷᠳᠡᠭ ᠢ ᠭᠦᠨᠵᠡᠭᠡᠢ ᠠᠭᠤᠳᠠᠯᠯᠠᠨ᠂ ᠪᠦᠬᠦ | ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ | ᠬᠤᠪᠢᠷᠠᠯᠲᠠ ᠰᠢᠨ᠎ᠡ ᠣᠨᠴᠠᠯᠢᠭ ᠢ ᠵᠠᠳᠠᠯᠤᠨ ᠰᠤᠳᠤᠯᠤᠨ ᠮᠠᠭᠠᠳᠯᠠᠵᠤ᠂ ᠬᠤᠷᠸ᠎ᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠵᠠᠰᠠᠭ ᠤᠨ | ᠶᠠᠪᠤᠳᠠᠯ ᠢ ᠵᠥᠪᠯᠡᠬᠦ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ | 2023 ᠣᠨ ᠤ 5 ᠰᠠᠷ᠎ᠠ ᠶᠢᠨ 16 | |