| ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ | ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠡᠩᠴᠡᠭᠦᠷᠢᠲᠡᠢ ᠪᠣᠯᠭᠠᠵᠤ᠂ | ᠲᠡᠮᠤᠷ ᠵᠠᠮ ᠤᠨ ᠪᠠᠷᠠᠭᠠᠤᠨᠲᠡᠬᠢ ᠵᠠᠯᠭᠠᠯᠳᠤᠭᠰᠠᠨ ᠣᠷᠣᠨ ᠤ ᠡᠷᠳᠡᠮ ᠤᠨ ᠴᠣᠯᠠ ᠬᠦᠷᠦᠯᠴᠡᠬᠦ ᠦᠭᠡᠢ ᠪᠠᠶᠢᠬᠤ | ᠠᠰᠠᠭᠤᠳᠠᠯ ᠳᠤ ᠴᠢᠭᠯᠡᠭᠦᠯᠦᠨ᠂ ᠪᠦᠲᠦᠭᠡᠨ ᠪᠠᠶᠢᠭᠤᠯᠤᠯᠲᠠ ᠶᠢᠨ 11 ᠲᠥᠷᠥᠯ ᠵᠦᠢᠯ ᠢ ᠬᠡᠷᠡᠭᠵᠢᠭᠦᠯᠵᠦ᠂ | ᠡᠭᠦᠨ ᠳᠤ ᠰᠢᠨ᠎ᠡ ᠪᠠᠷ ᠪᠠᠶᠢᠭᠤᠯᠬᠤ 9 ᠲᠥᠷᠥᠯ ᠵᠦᠢᠯ᠂ ᠦᠷᠭᠦᠯᠵᠢᠯᠡᠨ ᠪᠠᠶᠢᠭᠤᠯᠬᠤ 2 ᠲᠥᠷᠥᠯ ᠵᠦᠢᠯ᠂ | 2022 ᠣᠨ ᠳᠤ ᠨᠢᠭᠡᠨᠲᠡ 5 ᠲᠥᠷᠥᠯ ᠵᠦᠢᠯ ᠢ ᠳᠠᠭᠤᠰᠬᠠᠪᠠ᠃ᠰᠤᠷᠭᠠᠨ ᠬᠥᠮᠦᠵᠢᠯ ᠤᠨ ᠵᠠᠷᠤᠳᠠᠯ ᠤᠨ ︽ | ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ ᠦᠭᠡᠢ︾ ᠪᠠᠶᠢᠬᠤ ᠶᠢ ᠪᠠᠲᠤᠯᠠᠵᠤ᠂ ᠰᠤᠷᠭᠠᠨ ᠬᠥᠮᠦᠵᠢᠯ ᠤᠨ | ᠲᠥᠰᠥᠪ ᠤᠨ ᠲᠣᠬᠢᠷᠠᠭᠤᠯᠤᠯᠲᠠ ᠶᠢ ᠵᠦᠢ ᠵᠣᠬᠢᠰᠲᠠᠢ ᠪᠠᠶᠢᠯᠭᠠᠵᠤ᠂ ᠰᠣᠷᠣᠭᠴᠢ ᠨᠢᠭᠡᠪᠦᠷᠢ ᠶᠢᠨ ᠳᠤᠮᠳᠠᠴᠢ ᠡᠩ ᠤᠨ | ᠣᠯᠠᠨ ᠨᠡᠶᠢᠲᠡ ᠶᠢᠨ ᠲᠥᠰᠥᠪ ᠤᠨ ᠰᠤᠷᠭᠠᠨ ᠬᠥᠮᠦᠵᠢᠯ ᠤᠨ ᠵᠠᠷᠤᠯᠭ᠎ᠠ ᠲᠦᠷᠦᠭᠦᠸ ᠵᠢᠯ ᠤᠨ ᠬᠢ ᠠᠴᠠ 0.2% | ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠰᠤᠷᠭᠠᠨ ᠬᠥᠮᠦᠵᠢᠯ ᠤᠨ ᠵᠠᠷᠤᠯᠭ᠎ᠠ | ᠲᠦᠷᠦᠭᠦᠸ ᠵᠢᠯ ᠤᠨ ᠬᠢ ᠠᠴᠠ 2.4% ᠨᠡᠮᠡᠭᠳᠡᠪᠡ᠃ |