ᠨᠢᠩᠴᠧᠩ ᠰᠢᠶᠠᠨ ᠣᠨᠴᠠᠯᠢᠭᠲᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠡᠪᠦᠯ ᠤᠨ ᠤᠯᠠᠷᠢᠯ ᠤᠨ ᠵᠤᠭᠠᠴᠠᠯ ᠤᠨ ᠦᠢᠯᠡᠰ ᠢ ᠬᠦᠭᠵᠢᠭᠡᠨ ᠲᠠᠢ ᠪᠣᠯᠭᠠᠪᠠ
ᠨᠡᠶᠢᠲᠡᠯᠡᠭᠰᠡᠨ ᠴᠠᠭ᠄
2023/2/21
  ᠨᠢᠩᠴᠧᠩ ᠰᠢᠶᠠᠨ ᠥᠪᠡᠷᠮᠢᠴᠡ ᠠᠭᠤᠷ ᠠᠮᠢᠰᠬᠤᠯ᠂ ᠣᠷᠴᠢᠨ ᠲᠣᠭᠤᠷᠢᠨ ᠵᠡᠷᠭᠡ ᠡᠬᠢ ᠪᠠᠶᠠᠯᠢᠭ ᠲᠠᠭᠠᠨ ᠲᠦᠰᠢᠭᠯᠡᠵᠦ᠂ ᠰᠢᠨ᠎ᠡ ᠣᠨ᠂ ᠴᠠᠭᠠᠨ ᠰᠠᠷ᠎ᠠ ᠵᠡᠷᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠮᠥᠰᠥᠨ ᠳᠡᠭᠡᠷᠡᠬᠢ ᠵᠤᠭ᠎ᠠ ᠴᠡᠩᠭᠡᠯ᠂ ᠡᠪᠦᠯ ᠤᠨ ᠠᠩᠨᠠᠯ ᠤᠨ ᠪᠠᠶᠠᠷ᠂ ᠷᠠᠰᠢᠶᠠᠨ ᠤ ᠡᠷᠡᠭᠦᠯᠵᠢᠯ ᠵᠡᠷᠭᠡ ᠲᠤᠰ ᠭᠠᠵᠠᠷ ᠤᠨ ᠣᠨᠴᠠᠯᠢᠭ ᠲᠠᠢ ᠤᠯᠠᠨ ᠲᠦᠷᠦᠯ ᠤᠨ ᠵᠤᠭᠠᠴᠠᠯ ᠤᠨ ᠲᠦᠷᠦᠯ ᠵᠦᠢᠯ ᠢ ᠭᠠᠷᠭᠠᠵᠤ᠂ ᠡᠪᠦᠯ ᠤᠨ ᠤᠯᠠᠷᠢᠯ ᠤᠨ ᠵᠤᠭᠠᠴᠠᠯ ᠢ ᠬᠦᠭᠵᠢᠭᠡᠨ ᠲᠠᠢ ᠪᠣᠯᠭᠠᠪᠠ᠃2023 ᠣᠨ ᠤ 1 ᠰᠠᠷ᠎ᠠ ᠪᠣᠯᠲᠠᠯ᠎ᠠ᠂ ᠪᠥᠬᠦ ᠰᠢᠶᠠᠨ ᠢᠶᠠᠷ ᠢᠶᠠᠨ 7.8 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 7800 ᠲᠦᠮᠡᠨ ᠲᠥᠭᠦᠷᠢᠭ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 38.8% ᠪᠠ 7% ᠪᠠᠷ ᠨᠡᠮᠡᠭᠳᠡᠵᠡᠢ᠃2023 ᠣᠨ ᠳᠤ᠂ ᠨᠢᠩᠴᠧᠩ ᠰᠢᠶᠠᠨ ᠤ ᠪᠠᠷᠬᠠᠨ ᠪ᠊ ᠱᠧᠩ ᠴᠢᠤᠸᠠᠨ ᠪ᠊ ᠣᠨᠴᠠᠯᠢᠭᠲᠤ ᠵᠢᠵᠢᠭ ᠪᠠᠯᠭᠠᠰᠤ᠂ ᠽᠢ ᠮᠥ᠋ᠩ ᠬᠡᠦ ᠨᠠᠭᠤᠷ ᠤᠨ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠵᠤᠭᠠᠴᠠᠯ ᠤᠨ ᠳᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠪᠦᠬᠦ ᠣᠷᠣᠨ ᠪᠦᠰᠡ ᠶᠢᠨ ᠪᠦᠬᠦ ᠤᠯᠠᠷᠢᠯ ᠤᠨ ᠪᠦᠬᠦ ᠡᠵᠡᠩᠨᠡᠯᠲᠡ ᠶᠢᠨ ᠬᠡᠯᠪᠡᠷᠢ ᠶᠢᠨ ᠵᠤᠭᠠᠴᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号