| ᠣᠶᠢᠷ᠎ᠠ ᠳᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠰᠢᠭᠦᠯᠦᠨ᠂ | ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠥᠷᠭᠡᠨ ᠣᠯᠠᠨ | ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ | ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠤᠷᠭᠠᠭᠤᠯᠢ ᠶᠢᠨ | ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ 200 ᠮᠧᠲᠷ ᠤᠨ | ᠳᠣᠲᠣᠷᠠᠬᠢ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ᠂ ᠨᠠᠶᠢᠳᠠᠨ ᠬᠠᠮᠢᠶᠠᠷᠤᠭᠤᠯᠬᠤ ᠠᠩᠭᠢ ᠪᠠᠷ | ᠭᠤᠣᠯᠳᠠᠯᠭ᠎ᠠ ᠪᠣᠯᠭᠠᠨ ᠪᠠᠶᠢᠴᠠᠭᠠᠯᠲᠠ ᠬᠢᠪᠡ᠃ᠨ᠊ ᠵᠭᠡ ᠳᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠬᠡᠲᠦ | ᠳᠡᠯᠭᠡᠭᠦᠷ᠂ ᠵᠢᠵᠢᠭ ᠢᠳᠡᠭᠡᠨ ᠤᠮᠳᠠᠭᠠᠨ᠂ ᠵᠢᠵᠢᠭ ᠳᠡᠯᠭᠡᠭᠦᠷᠴᠢᠨ ᠤ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ | ᠬᠡᠮ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠵᠢᠴᠢ ᠦᠨᠡᠮᠯᠡᠯ ᠤᠨ ᠬᠤᠭᠤᠴᠠᠭ᠎ᠠ ᠨᠢ ᠥᠩᠭᠡᠷᠡᠭᠰᠡᠨ ᠪᠠᠶᠢᠳᠠᠯ | ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠬᠤᠶᠠᠷ ᠲᠤ ᠢᠳᠡᠭᠡᠨ ᠤ ᠡᠵᠡᠩᠨᠡᠯᠲᠡ ᠶᠢᠨ ᠨᠢᠭᠡᠴᠢ ᠶᠢᠨ ᠪᠠᠷᠠᠭ᠎ᠠ | ᠣᠷᠣᠭᠤᠯᠤᠭᠰᠠᠨ ᠪᠠᠶᠢᠴᠠᠭᠠᠨ ᠰᠢᠯᠭᠠᠯᠲᠠ ᠶᠢᠨ ᠲᠡᠮᠳᠡᠭᠯᠡᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠨ | ᠴᠡᠪᠡᠷᠯᠡᠵᠦ ᠠᠷᠢᠭᠤᠳᠬᠠᠭᠰᠠᠨ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠪᠠ᠃ | ᠭᠤᠷᠪᠠ ᠳᠤ ᠡᠵᠡᠩᠨᠡᠭᠴᠢ ᠳᠤ ᠬᠤᠭᠤᠴᠠᠭ᠎ᠠ ᠥᠩᠭᠡᠷᠡᠭᠰᠡᠨ ᠢᠳᠡᠭᠡᠨ᠂ ᠴᠢᠨᠠᠷ ᠬᠤᠪᠢᠷᠠᠭᠰᠠᠨ ᠢᠳᠡᠭᠡᠨ᠂ ︽ | ᠭᠤᠷᠪᠠᠨ ᠦᠭᠡᠢ︾ ᠢᠳᠡᠭᠡᠨ ᠪᠠᠶᠢᠬᠤ ᠡᠰᠡᠬᠦ᠂ ︽ᠨᠠᠰᠤᠨ ᠳᠤ ᠥᠯᠥ ᠬᠦᠷᠦᠭᠰᠡᠳ ᠲᠤ ᠠᠷᠢᠬᠢ ᠲᠠᠮᠠᠬᠢ | ᠬᠤᠳᠠᠯᠳᠤᠵᠤ ᠪᠣᠯᠬᠤ ᠦᠭᠡᠢ︾ ᠭᠡᠰᠡᠨ ᠲᠡᠮᠳᠡᠭ ᠨᠠᠭᠠᠭᠰᠠᠨ ᠡᠰᠡᠬᠦ ᠶᠢ ᠪᠠᠶᠢᠴᠠᠭᠠᠬᠤ ᠶᠢᠨ ᠬᠠᠮᠲᠤ ᠡᠵᠡᠩᠨᠡᠭᠴᠢ ᠶᠢᠨ | ᠮᠤᠬᠤᠷ ᠪᠢᠰᠢᠷᠡᠯ᠂ ᠬᠦᠴᠦᠷᠬᠡᠭᠯᠡᠯ᠂ ᠪᠣᠯᠬᠢ ᠪᠦᠳᠦᠭᠦᠯᠢᠭ᠂ ᠱᠠᠯᠢᠭ ᠵᠠᠪᠬᠠᠢ ᠪᠢᠴᠢᠭ ᠤᠨ ᠬᠡᠷᠡᠭᠰᠡᠯ᠂ | ᠨᠠᠭᠠᠳᠤᠮ ᠤᠨ ᠵᠦᠢᠯ᠂ ᠨᠣᠮ ᠪᠢᠴᠢᠭ ᠵᠡᠷᠭᠡ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠳᠤ ᠠᠰᠢᠭ ᠦᠭᠡᠢ ᠰᠣᠶᠣᠯ ᠤᠨ ᠪᠦᠲᠦᠭᠡᠭᠳᠡᠬᠦᠨ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠪᠠ᠃ | ᠣᠲᠣ ᠪᠣᠯᠲᠠᠯ᠎ᠠ᠂ ᠰᠤᠷᠭᠠᠭᠤᠯᠢ ᠵᠢᠴᠢ ᠡᠷᠬᠢᠨ ᠲᠣᠭᠤᠷᠢᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ 36 | ᠡᠷᠦᠬᠡ ᠶᠢ ᠪᠠᠶᠢᠴᠠᠭᠠᠵᠤ᠂ ᠳᠡᠭᠡᠷ᠎ᠡ ᠳᠤᠷᠠᠳᠤᠭᠰᠠᠨ ᠠᠰᠠᠭᠤᠳᠠᠯ ᠢ ᠲᠦᠷ ᠣᠯᠵᠤ ᠮᠡᠳᠡᠭᠰᠡᠨ ᠦᠭᠡᠢ᠃ | ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠡᠷᠬᠢᠨ | ᠲᠣᠭᠤᠷᠢᠨ ᠤ ᠢᠳᠡᠭᠡᠨ ᠤ ᠵᠦᠢᠯ ᠤᠨ ᠡᠵᠡᠩᠨᠡᠯᠲᠡ ᠶᠢᠨ ᠨᠢᠭᠡᠴᠡ ᠳᠠᠬᠢ ᠢᠳᠡᠭᠡᠨ ᠤ ᠵᠦᠢᠯ ᠤᠨ ᠠᠮᠤᠷ ᠲᠦᠪᠰᠢᠨ ᠤ | ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠡᠮᠯᠡᠯ ᠦᠭᠡᠢ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠳᠠᠷᠠᠭᠠᠯᠠᠨ ᠪᠠᠶᠢᠴᠠᠭᠠᠵᠤ | ᠲᠠᠩᠰᠠ ᠡᠪᠬᠡᠮᠡᠯ ᠪᠠᠶᠢᠭᠤᠯᠤᠨ᠂ ᠬᠠᠤᠯᠢ ᠶᠣᠰᠣᠭᠠᠷ ᠳᠡᠩᠰᠡᠯᠡᠵᠦ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ | ᠳᠤᠨᠢ ᠢᠯᠡᠷᠡᠭᠦᠯᠦᠨ ᠠᠷᠢᠯᠭᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠵᠦᠢᠯ ᠤᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |