| ᠣᠶᠢᠷ᠎ᠠ ᠶᠢᠨ ᠡᠳᠦᠷ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ | ᠨᠢᠭᠡᠳᠦᠭᠡᠷ ᠪᠦᠯᠦᠭ ᠤᠨ ᠪᠥᠬᠦ ᠤᠯᠤᠰ ᠤᠨ ︽ᠨᠢᠭᠡ ᠰᠢᠶᠠᠨ ᠨᠢᠭᠡ ᠦᠢᠯᠡᠳᠬᠦᠨ︾ ᠤ 146 ᠣᠨᠴᠠᠯᠢᠭᠲᠤ | ᠰᠣᠶᠣᠯ ᠤᠷᠠᠯᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠨᠡᠷᠡᠰ ᠢ ᠵᠠᠷᠯᠠᠨ ᠨᠡᠶᠢᠲᠡᠯᠡᠵᠦ᠂ ᠨᠢᠩᠴᠧᠩ ᠰᠢᠶᠠᠨ ᠤ | ᠽᠢ ᠮᠧᠩ ᠬᠡᠦ ᠨᠠᠭᠤᠷ ᠤᠨ ᠤᠯᠤᠰ ᠤᠨ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠤᠨ | ᠰᠠᠭᠤᠷᠢᠨ ᠭᠠᠵᠠᠷ ᠢ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠥᠷᠥᠯ ᠤᠨ ᠨᠡᠷᠡᠰ ᠲᠤ ᠠᠮᠵᠢᠯᠲᠠ ᠲᠠᠢ ᠪᠠᠷ | ᠣᠷᠣᠭᠤᠯᠪᠠ᠃ | ᠽᠢ ᠮᠧᠩ ᠬᠡᠦ ᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ 2011 ᠣᠨ ᠳᠤ ᠡᠬᠢᠯᠡᠨ | ᠪᠠᠶᠢᠭᠤᠯᠵᠤ᠂ 2019 ᠣᠨ ᠤ 10 ᠰᠠᠷ᠎ᠠ ᠳᠤ ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠪᠣᠯᠭᠠᠨ ᠳᠡᠪᠰᠢᠭᠦᠯᠵᠦ᠂ ᠤᠯᠤᠰ ᠤᠨ ᠲᠠᠰ ᠤᠨ ᠤᠰᠤᠨ ᠳᠡᠭᠡᠷᠡᠬᠢ ᠬᠥᠳᠡᠯᠭᠡᠭᠡᠨ ᠰᠡᠯᠡᠭᠦᠴᠡᠯ ᠤᠨ | ᠣᠨᠴᠠᠯᠢᠭᠲᠤ ᠵᠢᠵᠢᠭ ᠪᠠᠯᠭᠠᠰᠤᠨ ᠤ ᠭᠤᠣᠯ ᠲᠥᠷᠥᠯ ᠵᠦᠢᠯ ᠤᠨ ᠣᠷᠣᠨ ᠪᠣᠯᠭᠠᠵᠤ᠂ ᠵᠢᠯ ᠳᠤ 25 ᠲᠦᠮᠡ ᠭᠠᠷᠤᠢ | ᠬᠢᠯᠢ ᠶᠢᠨ ᠳᠣᠲᠣᠨ᠎ᠠ ᠭᠠᠳᠠᠨᠠᠬᠢ ᠵᠤᠭᠠᠴᠠᠭᠰᠠᠳ ᠢ ᠭᠥᠯᠢᠶᠡᠨ ᠠᠪᠴᠤ᠂ ᠵᠢᠯ ᠤᠨ ᠣᠷᠣᠯᠭ᠎ᠠ ᠨᠢ 1000 ᠭᠠᠷᠤᠢ | ᠲᠦᠮᠡᠨ ᠲᠥᠭᠦᠷᠢᠭ ᠲᠤ ᠬᠦᠷᠴᠠᠢ᠃ ᠣᠳᠣᠬᠠᠨ ᠳᠤ᠂ ᠽᠢ ᠮᠧᠩ ᠬᠡᠦ ᠨᠠᠭᠤᠷ ᠲᠤ ᠵᠤᠭᠠᠴᠠᠯ ᠤᠨ ᠦᠢᠯᠡᠴᠢᠯᠡᠭᠡᠨ ᠤ | ᠲᠣᠭᠤᠷᠢᠭ᠂ ᠤᠰᠤᠨ ᠤ ᠬᠥᠪᠡᠭᠡᠨ ᠤ ᠰᠣᠨᠢᠷᠬᠠᠯ ᠤᠨ ᠲᠣᠭᠤᠷᠢᠭ᠂ ᠠᠮᠠᠷᠠᠯᠲᠠ ᠪᠠ ᠬᠤᠨᠤᠭ ᠤᠨ ᠲᠣᠭᠤᠷᠢᠭ᠂ | ᠤᠮᠪᠠᠯᠲᠠ ᠶᠢᠨ ᠲᠠᠯᠠᠪᠠᠢ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠤᠰᠤᠨ ᠳᠡᠭᠡᠷᠡᠬᠢ ᠵᠤᠭᠠᠴᠠᠯ ᠵᠡᠷᠭᠡ | ᠤᠯᠠᠨ ᠦᠵᠡᠮᠵᠢ ᠶᠢᠨ ᠣᠷᠣᠨ ᠤ ᠦᠵᠡᠮᠵᠢ ᠶᠢ ᠪᠠᠶᠢᠭᠤᠯᠤᠭᠰᠠᠨ ᠪᠥᠭᠡᠳ 400 ᠮᠦ ᠲᠠᠯᠠᠪᠠᠢ ᠲᠠᠢ ᠤᠯᠤᠰ ᠤᠨ | ᠲᠡᠰ ᠤᠨ ᠤᠰᠤᠨ ᠳᠡᠭᠡᠷᠡᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠤᠷᠤᠯᠳᠤᠭᠠᠨ ᠤ ᠰᠠᠭᠤᠷᠢᠨ ᠢ ᠪᠠᠶᠢᠭᠤᠯᠪᠠ᠃ | ᠥᠪᠡᠷᠮᠢᠴᠡ ᠣᠨᠴᠠᠯᠢᠭ ᠪᠦᠬᠦᠢ ᠪᠠᠶᠢᠭᠠᠯᠢ ᠶᠢᠨ ᠦᠵᠡᠮᠵᠢ ᠪᠠ ᠰᠣᠶᠣᠯ ᠤᠨ ᠠᠭᠤᠯᠬᠤᠨ ᠢᠶᠠᠷ ᠢᠶᠠᠨ ᠬᠤᠯᠠ | ᠣᠶᠢᠷ᠎ᠠ ᠳᠠᠭᠠᠨ ᠠᠯᠳᠠᠷᠰᠢᠭᠰᠠᠨ ᠰᠡᠯᠡᠭᠦᠴᠡᠯ᠂ ᠵᠤᠭ᠎ᠠ ᠴᠡᠩᠭᠡᠯ᠂ ᠪᠡᠶ᠎ᠡ ᠴᠢᠭᠢᠷᠠᠭᠵᠢᠭᠤᠯᠬᠤ᠂ ᠰᠤᠪᠢᠯᠠᠯᠲᠠ᠂ ᠪᠠᠷᠠᠭ᠎ᠠ | ᠬᠤᠳᠠᠯᠳᠤᠨ ᠠᠪᠬᠤ᠂ ᠬᠤᠭᠤᠯᠠ ᠤᠮᠳᠠ᠂ ᠬᠤᠨᠣᠵᠤ ᠬᠡᠪᠲᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠵᠤᠭᠠᠴᠠᠨ | ᠲᠣᠭᠤᠷᠢᠬᠤ ᠠᠮᠠᠷᠠᠯᠲᠠ ᠶᠢᠨ ᠣᠷᠣᠨ ᠪᠣᠯᠪᠠ᠃ | ᠽᠢ ᠮᠧᠩ ᠬᠡᠦ ᠨᠠᠭᠤᠷ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠨᠢ ᠡᠷᠬᠢᠨ | ᠲᠣᠭᠤᠷᠢᠨ ᠤ ᠵᠣᠴᠢᠳ ᠤᠨ ᠪᠠᠭᠤᠳᠠᠯ᠂ ᠲᠠᠷᠢᠶᠠᠴᠢᠨ ᠠᠶᠢᠯ ᠤᠨ ᠵᠢᠭᠤᠯᠴᠢᠯᠠᠯ᠂ ᠠᠷᠠᠳ ᠤᠨ ᠪᠠᠭᠤᠳᠠᠯ᠂ | ᠬᠤᠳᠠᠯᠳᠤᠭᠠᠨ ᠤ ᠬᠡᠲᠦ ᠳᠡᠯᠭᠡᠭᠦᠷ 100 ᠭᠠᠷᠤᠢ ᠡᠷᠦᠬᠡ ᠶᠢᠨ ᠬᠥᠭᠵᠢᠯᠲᠡ ᠶᠢ ᠳᠠᠶᠢᠴᠢᠯᠠᠪᠠ᠃ ᠮᠢᠬ᠎ᠠ᠂ ᠥᠨᠳᠡᠭᠡ᠂ | ᠵᠢᠭᠠᠰᠤ᠂ ᠠᠮᠤ ᠪᠤᠳᠠᠭ᠎ᠠ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠤ ᠣᠨᠴᠠᠯᠢᠭᠲᠤ ᠪᠦᠲᠦᠭᠡᠭᠳᠡᠬᠦᠨ ᠤ ᠬᠡᠷᠡᠭᠯᠡᠭᠡ ᠶᠢ ᠰᠢᠭᠤᠳ ᠲᠠᠶᠢᠴᠢᠯᠠᠵᠤ᠂ ᠵᠢᠯ ᠳᠤ 700 ᠭᠠᠷᠤᠢ | ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠪᠡ᠃ 2000 ᠭᠠᠷᠤᠢ ᠬᠥᠮᠥᠨ ᠳᠤ ᠰᠢᠭᠤᠳ ᠪᠤᠶᠤ ᠳᠠᠮ ᠢᠶᠠᠷ ᠠᠵᠢᠯ | ᠣᠯᠭᠤᠵᠤ᠂ ᠲᠠᠷᠢᠶᠠᠴᠢᠳ ᠤᠨ ᠵᠢᠯ ᠤᠨ ᠣᠷᠣᠯᠭ᠎ᠠ 2 ᠲᠦᠮᠡ ᠭᠠᠷᠤᠢ ᠲᠥᠭᠦᠷᠢᠭ ᠨᠡᠮᠡᠭᠳᠡᠪᠡ᠃ |