ᠨᠢᠩᠴᠧᠩ ᠰᠢᠶᠠᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠬᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ  ᠪᠠᠲᠤᠯᠠᠵᠤ ᠪᠤᠢ
ᠨᠡᠶᠢᠲᠡᠯᠡᠭᠰᠡᠨ ᠴᠠᠭ᠄
2023/3/10
  ︽ᠬᠤᠶᠠᠷ ᠬᠤᠷᠠᠯ︾ ᠤᠨ ᠬᠤᠭᠤᠴᠠᠭᠠᠨ ᠳᠠᠬᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠠᠵᠢᠯᠯᠠᠬᠤ ᠶᠢ ᠪᠠᠲᠤᠯᠠᠨ᠂ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠳᠡᠯ ᠢ ᠪᠦᠲᠦᠮᠵᠢᠲᠡᠢ ᠰᠡᠷᠭᠡᠶᠢᠯᠡᠨ  ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠢᠶᠠᠨ ᠤ  ᠲᠤᠳᠤᠷᠠᠬᠢ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠤᠶᠠᠷ ᠬᠤᠷᠠᠯ︾  ᠤᠨ ᠬᠤᠭᠤᠴᠠᠭᠠᠨ ᠳᠠᠬᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ᠃  ᠲᠣᠰ ᠤᠳᠠᠭᠠᠨ ᠤ ᠪᠠᠶᠢᠴᠠᠭᠠᠯᠲᠠ ᠨᠢ ᠥᠪᠥᠷ ᠮᠣᠩᠭᠤᠯ ᠤᠨ ᠳ᠋ᠦᠩ ᠹᠠᠩ ᠸᠠᠨ ᠴᠢ ᠠᠯᠠᠰᠢᠨ ᠦᠬᠡᠷ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠶᠠᠨᠵᠢᠩ ᠫᠢᠵᠢᠦ ︵ᠵᠥᠩ ᠵᠢᠩ︶ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠳ᠋ᠧ ᠹᠧᠩ ᠬᠡᠦᠷᠰᠢᠭᠦᠯᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠠᠨ ᠳ᠋ᠠ ᠢᠳᠡᠭᠡᠨ ᠤ ᠬᠢᠵᠠᠭᠠᠷᠲᠤ ᠺᠣᠮᠫᠠᠨᠢ ︵ᠨᠢᠩ ᠴᠧᠩ︶᠂ ᠥᠪᠥᠷ ᠮᠣᠩᠭᠤᠯ ᠤᠨ ᠯᠢᠶᠣᠤ ᠵᠥᠩ ᠵᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠠᠵᠤ ᠠᠬᠤᠶᠢᠯᠠᠯ ᠤᠨ ᠲᠣᠭᠤᠷᠢᠨ ᠳᠤ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠢ  ᠶᠢ ᠲᠣᠭᠲᠠᠮᠠᠯ ᠬᠤᠭᠤᠴᠠᠭ᠎ᠠ  ᠲᠠᠢ  ᠪᠠᠷ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ  ᠶᠢ ᠭᠤᠣᠯᠳᠠᠯᠭ᠎ᠠ  ᠲᠠᠢ ᠪᠠᠶᠢᠴᠠᠭᠠᠵᠤ ᠂ ᠬᠡᠷᠡᠭᠯᠡᠬᠦ ᠳᠠᠩᠰᠠᠯᠠᠯᠲᠠ ᠬᠢᠯᠭᠡᠬᠦ ᠶᠢᠨ ᠬᠠᠮᠲᠤ ᠬᠡᠷᠡᠭᠯᠡᠬᠦ ᠲᠡᠮᠳᠡᠭ ᠢ ᠲᠥᠬᠦᠭᠡᠷᠦᠮᠵᠢ ᠶᠢᠨ ᠢᠯᠡᠷᠬᠡᠢ ᠪᠠᠶᠢᠷᠢᠨ ᠳᠤ ᠲᠠᠯᠪᠢᠭᠰᠠᠨ ᠡᠰᠡᠬᠦ᠂ ᠠᠶᠤᠯᠭᠦᠢ ᠶᠢᠨ ᠨᠡᠭᠡᠯᠡᠭᠡᠢ᠂ ᠳᠠᠷᠤᠯᠲᠠ ᠶᠢᠨ ᠬᠡᠮᠵᠢᠭᠦᠷ ᠨᠢ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ᠂ ᠠᠶᠤᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠭᠴᠢᠳ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠲᠤᠨᠤᠭ ᠲᠥᠬᠦᠭᠡᠷᠦᠮᠵᠢ ᠶᠢ ᠱᠠᠭᠠᠷᠳᠠᠯᠭ᠎ᠠ ᠶᠣᠰᠣᠭᠠᠷ ᠪᠠᠶᠢᠩᠭᠤ ᠶᠢᠨ ᠴᠢᠨᠠᠷᠲᠠᠢ ᠪᠠᠷ ᠬᠠᠮᠠᠭᠠᠯᠠᠨ ᠠᠷᠠᠴᠢᠯᠠᠭᠰᠠᠨ ᠡᠰᠡᠬᠦ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢᠶᠠᠨ ᠪᠠᠶᠢᠴᠠᠭᠠᠭᠰᠠᠨ ᠪᠥᠭᠡᠳ ᠲᠡᠮᠳᠡᠭᠯᠡᠯ ᠲᠠᠢ ᠪᠠᠶᠢᠬᠤ ᠡᠰᠡᠬᠦ᠂ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠢ ᠲᠣᠭᠲᠠᠭᠠᠭᠰᠠᠨ ᠡᠰᠡᠬᠦ ᠪᠠ ᠰᠣᠷᠢᠯᠲᠠ ᠶᠢᠨ ᠲᠡᠮᠳᠡᠭᠯᠡᠯ ᠲᠠᠢ ᠪᠠᠶᠢᠬᠤ ᠡᠰᠡᠬᠦ ᠵᠡᠷᠭᠡ ᠶᠢ ᠪᠠᠭᠲᠠᠭᠠᠨ᠎ᠠ᠃ᠦᠢᠯᠡᠳᠪᠦᠷᠢᠯᠡᠯ ᠡᠵᠡᠩᠨᠡᠯᠲᠡ ᠪᠠᠨ ᠵᠣᠭᠰᠣᠭᠠᠭᠰᠠᠨ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠠᠵᠤ ᠠᠬᠤᠶᠢᠯᠠᠯ ᠳᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠡᠷᠡᠭᠯᠡᠬᠦ ᠪᠠᠨ ᠵᠣᠭᠰᠣᠭᠰᠠᠨ ᠡᠰᠡᠬᠦ᠂ ᠲᠣᠭᠲᠠᠭᠠᠯ ᠶᠣᠰᠣᠭᠠᠷ ᠠᠮᠤᠷ ᠲᠦᠪᠰᠢᠨ ᠤ ᠪᠠᠲᠤᠯᠠᠪᠤᠷᠢ ᠶᠢᠨ ᠠᠷᠭ᠎ᠠ ᠬᠡᠮᠵᠢᠶ᠎ᠡ ᠠᠪᠤᠭᠰᠠᠨ ᠡᠰᠡᠬᠦ ᠶᠢ ᠲᠤᠬᠠᠢ ᠶᠢᠨ ᠲᠠᠯᠠᠪᠤᠷ ᠲᠤᠨᠢ ᠬᠢᠨᠠᠨ ᠮᠠᠭᠠᠳᠯᠠᠪᠠ᠃  ᠪᠠᠶᠢᠴᠠᠭᠠᠬᠤ ᠠᠵᠢᠯᠲᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠪᠣᠯ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠬᠤ ᠠᠵᠢᠯ ᠢ ᠰᠠᠶᠢᠲᠤᠷ ᠬᠢᠵᠦ᠂ ︽ᠭᠤᠷᠪᠠ ᠶᠢ ᠨᠠᠶᠢᠳᠠᠪᠤᠷᠢᠵᠢᠭᠤᠯᠬᠤ᠂ ᠬᠤᠶᠠᠷ ᠲᠤ ᠦᠨᠡᠮᠯᠡᠯ ᠲᠠᠢ ᠪᠠᠶᠢᠬᠤ᠂ ᠨᠢᠭᠡ ᠶᠢ ᠰᠢᠯᠭᠠᠨ ᠪᠠᠶᠢᠴᠠᠭᠠᠬᠤ᠂ ᠨᠢᠭᠡ ᠶᠢ ᠪᠡᠯᠡᠳᠬᠡᠬᠦ ᠲᠥᠰᠥᠯ︾ ᠤᠨ ᠠᠵᠢᠯ ᠤᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃  ᠣᠲᠣ ᠪᠣᠯᠲᠠᠯ᠎ᠠ᠂ ᠠᠶᠤᠯᠲᠠᠢ ᠬᠢᠮᠢ ᠶᠢᠨ ᠪᠣᠳᠠᠰ ᠲᠤ ᠬᠤᠯᠪᠣᠭᠳᠠᠭᠰᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ 9 ᠨᠢᠭᠡᠴᠡ ᠶᠢ ᠪᠠᠶᠢᠴᠠᠭᠠᠵᠤ᠂ ᠵᠠᠯᠭᠠᠭᠠᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠳᠠᠬᠢᠨ ᠪᠠᠶᠢᠴᠠᠭᠠᠵᠤ᠂ ᠪᠥᠬᠦ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂ ᠲᠣᠨᠤᠭ ᠲᠥᠬᠦᠭᠡᠷᠦᠮᠵᠢ ᠶᠢ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号