ᠨᠢᠩᠴᠧᠩ ᠰᠢᠶᠠᠨ ︽3.15︾ ᠤ ᠰᠢᠷᠢᠰ ᠠᠵᠢᠯᠯᠠᠭ᠎ᠠ ᠶᠢ ᠥᠷᠨᠢᠭᠦᠯᠵᠦ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠪᠡ
ᠨᠡᠶᠢᠲᠡᠯᠡᠭᠰᠡᠨ ᠴᠠᠭ᠄
2023/3/15
 ︽ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠬᠦᠷᠴᠦ ᠢᠷᠡᠬᠦ ᠲᠠᠰᠢᠷᠠᠮ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠨᠢᠩᠴᠧᠩ ᠰᠢᠶᠠᠨ ︽3.15︾ ᠤ ᠬᠡᠷᠡᠭᠯᠡᠭᠡᠨ ᠤ ᠢᠲᠡᠭᠡᠯ ᠢ ᠬᠥᠭᠵᠢᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ ᠪᠤᠢ᠃  ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠵᠢᠷᠤᠭ ᠨᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠨᠠᠰᠤᠲᠠᠶᠢᠴᠤᠳ ᠤᠨ ᠬᠡᠷᠡᠭᠯᠡᠭᠡᠨ ᠤ ᠮᠡᠬᠡᠯᠡᠯ ᠢ ᠰᠡᠷᠭᠡᠶᠢᠯᠡᠬᠦ ᠵᠦᠭᠯᠡᠭᠦᠷ︾ ︽ᠨᠠᠰᠤᠲᠠᠶᠢᠴᠤᠳ ᠤᠨ ᠬᠡᠷᠡᠭᠯᠡᠭᠡᠨ ᠤ ᠬᠥᠮᠦᠵᠢᠯ ᠤᠨ ᠵᠢᠯᠤᠭᠤᠳᠬᠤ ᠭᠠᠷ ᠳᠡᠪᠲᠡᠷ︾ ︽ᠢᠳᠡᠭᠡᠨ ᠪᠠ ᠡᠮ ᠤᠨ ᠵᠦᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠭᠠᠷ ᠳᠡᠪᠲᠡᠷ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ︵ᠨᠣᠮ︶ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷᠬᠢᠨ ᠡᠷᠬᠡ ᠪᠠᠨ ᠵᠥᠪ ᠢᠶᠠᠷ ᠬᠠᠮᠠᠭᠠᠯᠠᠬᠤ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠬᠦ᠂ ᠬᠡᠷᠡᠭᠯᠡᠭᠴᠢᠳ ᠲᠤ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠵᠥᠪ ᠠᠷᠭ᠎ᠠ ᠵᠠᠮ ᠢ ᠮᠡᠳᠡᠭᠦᠯᠬᠦ᠂ ᠪᠠᠶᠢᠩᠭᠤ ᠲᠣᠬᠢᠶᠠᠯᠳᠤᠬᠤ ᠬᠡᠷᠡᠭᠯᠡᠭᠡ ᠶᠢᠨ ᠤᠨᠠᠭᠤᠯᠢ ᠶᠢ ᠲᠠᠶᠢᠯᠪᠤᠷᠢᠯᠠᠬᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠪᠠᠷ ᠬᠡᠷᠡᠭᠯᠡᠭᠡ ᠬᠢᠯᠭᠡᠬᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠪᠡ᠃ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠥᠷᠭᠡᠨ ᠣᠯᠠᠨ ᠬᠡᠷᠡᠭᠯᠡᠭᠴᠢᠳ ᠲᠤ᠂ ᠬᠡᠷᠡᠭᠯᠡᠭᠡ ᠬᠢᠬᠦ ᠳᠡᠭᠡᠨ ᠡᠷᠬᠡᠪᠰᠢ ᠬᠤᠳᠠᠯᠳᠤᠭᠠᠴᠢᠨ ᠠᠴᠠ ᠪᠠᠷᠢᠮᠲᠠ ᠪᠤᠶᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠠᠪᠬᠤ ᠬᠡᠷᠡᠭᠲᠡᠢ ᠪᠥᠭᠡᠳ ᠲᠣᠬᠢᠲᠠᠢ ᠬᠠᠳᠠᠭᠠᠯᠠᠵᠤ᠂ ᠬᠡᠷᠡᠭᠯᠡᠭᠡ ᠶᠢᠨ ᠵᠢᠭᠤᠷᠠᠯᠳᠤᠭᠠᠨ ᠡᠭᠦᠰᠬᠦ ᠦᠶ᠎ᠡ ᠳᠤ ᠪᠠᠶᠢᠴᠠᠭᠠᠬᠤ ᠪᠠᠷᠢᠮᠲᠠ ᠲᠠᠢ ᠪᠣᠯᠭᠠᠬᠤ ᠳᠤ ᠪᠡᠯᠡᠬᠡᠨ ᠪᠠᠶᠢᠬᠤ ᠬᠡᠷᠡᠭᠲᠡᠢ ᠭᠡᠵᠦ ᠰᠠᠨᠠᠭᠤᠯᠪᠠ᠃ᠬᠠᠤᠯᠢ ᠶᠣᠰᠣᠨ ᠤ ᠡᠷᠬᠡ ᠠᠰᠢᠭ ᠬᠠᠯᠳᠠᠯᠭ᠎ᠠ ᠳᠤ ᠤᠴᠠᠷᠠᠭᠰᠠᠨ ᠦᠶ᠎ᠡ ᠳᠤ ᠬᠡᠷᠡᠭᠯᠡᠭᠴᠢᠳ 12345 ᠤᠲᠠᠰᠤ ᠪᠠᠷ ᠵᠠᠭᠠᠯᠳᠤᠵᠤ᠂ ᠢᠯᠡᠴᠢᠯᠡᠨ ᠮᠡᠳᠡᠭᠦᠯᠵᠦ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠪᠣᠯᠣᠨ᠎ᠠ᠃   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠬᠠᠷᠢᠶ᠎ᠠ ᠣᠷᠣᠨ ᠳᠤ ᠨᠡᠶᠢᠲᠡ 120 ᠬᠤᠪᠢ ᠤᠬᠠᠭᠤᠯᠭ᠎ᠠ ᠶᠢᠨ ᠭᠠᠷ ᠳᠡᠪᠲᠡᠷ᠂ 90 ᠬᠤᠪᠢ ᠤᠬᠠᠭᠤᠯᠭ᠎ᠠ ᠶᠢᠨ ᠨᠣᠮ ᠪᠢᠴᠢᠭ ᠲᠠᠷᠬᠠᠭᠠᠵᠤ᠂ 3 ᠵᠤᠷᠪᠤᠰ ᠡᠯᠭᠦᠭᠡ ᠪᠢᠴᠢᠭᠡᠰᠦ ᠡᠯᠭᠦᠵᠦ᠂ ᠲᠤᠬᠠᠢ ᠶᠢᠨ ᠲᠠᠯᠠᠪᠤᠷ ᠲᠤ 30 ᠭᠠᠷᠤᠢ ᠤᠳᠠᠭᠠᠨ ᠤ ᠬᠡᠷᠡᠭᠯᠡᠭᠡᠨ ᠤ ᠮᠡᠳᠡᠭᠡ ᠵᠠᠩᠭᠢ ᠶᠢ ᠭᠥᠯᠢᠶᠡᠨ ᠠᠪᠴᠠᠢ᠃ᠵᠠᠯᠭᠠᠭᠠᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢᠨ ᠢᠲᠡᠭᠡᠯ ᠢ ᠨᠡᠮᠡᠭᠳᠡᠭᠦᠯᠬᠦ ᠪᠠᠷ ᠭᠤᠣᠯ ᠰᠢᠵᠢᠮ ᠪᠣᠯᠭᠠᠵᠤ᠂ ᠬᠡᠷᠡᠭᠯᠡᠭᠡ ᠶᠢᠨ ᠬᠥᠮᠦᠵᠢᠯ ᠵᠢᠯᠣᠭᠤᠳᠤᠯᠭ᠎ᠠ ᠶᠢ ᠴᠢᠩᠭᠠᠳᠬᠠᠵᠤ᠂ ᠬᠡᠷᠡᠭᠯᠡᠭᠡ ᠶᠢᠨ ᠵᠠᠭᠠᠯᠳᠤᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠡᠷᠡᠭᠯᠡᠭᠡ ᠶᠢᠨ ᠵᠠᠭᠤᠷᠠᠯᠳᠤᠭᠠᠨ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠬᠡᠷᠡᠭᠯᠡᠭᠴᠢᠳ ᠤᠨ ᠪᠡᠶ᠎ᠡ ᠮᠠᠬᠠᠪᠤᠳ᠂ ᠡᠳ᠋ ᠬᠥᠷᠥᠩᠭᠡ ᠶᠢᠨ ᠠᠮᠤᠷ ᠲᠦᠪᠰᠢᠨ ᠬᠠᠯᠳᠠᠯᠭ᠎ᠠ ᠳᠤ ᠤᠴᠠᠷᠠᠬᠤ ᠦᠶ᠎ᠡ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠤ ᠵᠣᠭᠰᠣᠯᠲᠠ ᠶᠢ ᠪᠠᠲᠤᠳᠬᠠᠵᠤ᠂ ᠬᠡᠷᠡᠭᠯᠡᠭᠴᠢᠳ ᠤᠨ ᠬᠤᠳᠠᠯᠳᠤᠨ ᠠᠪᠬᠤ ᠳᠤ ᠰᠠᠨᠠᠭ᠎ᠠ ᠠᠮᠤᠷ ᠬᠡᠷᠡᠭᠯᠡᠬᠦ ᠳᠤ ᠲᠠᠭᠠᠯᠠᠮᠵᠢᠲᠠᠢ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号