| ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ ᠮᠠᠰᠢᠨ ᠤ ᠬᠡᠮᠵᠢᠯᠲᠡ ᠶᠢᠨ ᠣᠨᠣᠪᠴᠢᠲᠠᠶ ᠪᠠᠶᠢᠬᠤ ᠶᠢ ᠦᠨᠡᠨ | ᠬᠦ ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠲᠦᠷᠢᠶᠡᠰᠦᠨ ᠮᠠᠰᠢᠨ ᠲᠡᠷᠭᠡᠨ ᠤ | ᠠᠵᠢᠯ ᠲᠥᠷᠥᠯ ᠤᠨ ᠡᠮᠬᠢ ᠵᠢᠷᠤᠮ ᠲᠠᠢ ᠥᠷᠢᠰᠦᠯᠳᠦᠭᠡᠨ ᠤ ᠣᠷᠴᠢᠨ ᠨᠥᠬᠦᠴᠡᠯ ᠢ ᠬᠠᠮᠠᠭᠠᠯᠠᠬᠤ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠪᠠ ︽ᠠᠯᠪᠠᠳᠠᠯᠭ᠎ᠠ ᠪᠠᠷ | ᠰᠢᠯᠭᠠᠨ ᠲᠣᠭᠲᠠᠭᠠᠭᠰᠠᠨ ᠠᠵᠢᠯ ᠤᠨ ᠬᠡᠮᠵᠢᠯᠲᠡ ᠶᠢᠨ ᠪᠠᠭᠠᠵᠢ ᠬᠡᠷᠡᠭᠰᠡᠯ ᠢ ᠰᠢᠯᠭᠠᠨ ᠲᠣᠭᠲᠠᠭᠠᠬᠤ | ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠶᠠᠲᠤ ᠣᠷᠣᠨ ᠤ ᠲᠦᠷᠢᠶᠡᠰᠦᠨ ᠮᠠᠰᠢᠨ ᠲᠡᠷᠭᠡᠨ ᠤ | ᠦᠨ᠎ᠡ ᠪᠤᠳᠤᠬᠤ ᠮᠠᠰᠢᠨ ᠢ ᠲᠥᠪᠯᠡᠷᠡᠭᠦᠯᠦᠨ ᠰᠢᠯᠭᠠᠨ ᠲᠣᠭᠲᠠᠭᠠᠵᠠᠢ᠃ | ᠰᠢᠯᠭᠠᠨ ᠲᠣᠭᠲᠠᠭᠠᠭᠴᠢ ᠠᠴᠠ ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ ᠮᠠᠰᠢᠨ ᠤ ᠭᠠᠳᠠᠷ ᠪᠠᠶᠢᠳᠠᠯ ᠪᠠ | ᠪᠦᠲᠦᠴᠡ᠂ ᠴᠢᠳᠠᠮᠵᠢ᠂ ᠵᠠᠮ ᠤᠨ ᠠᠯᠳᠠᠪᠤᠷᠢ ᠶᠢ ᠪᠤᠳᠤᠬᠤ᠂ ᠴᠠᠭ ᠤᠨ ᠠᠯᠳᠠᠪᠤᠷᠢ ᠶᠢ ᠪᠤᠳᠤᠬᠤ᠂ ᠬᠤᠷᠳᠤᠴᠠ ᠶᠢᠨ | ᠠᠯᠳᠠᠪᠤᠷᠢ ᠶᠢ ᠰᠣᠯᠢᠬᠤ ᠵᠡᠷᠭᠡ ᠲᠥᠷᠥᠯ ᠵᠦᠢᠯ ᠳᠤ ᠵᠦᠢᠯ ᠳᠠᠷᠠᠭᠠᠯᠠᠨ ᠰᠢᠯᠭᠠᠨ ᠲᠣᠭᠲᠠᠭᠠᠯᠲᠠ ᠬᠢᠵᠡᠢ᠃ᠡᠭᠦᠨ ᠤ | ᠬᠠᠮᠲᠤ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠭᠡᠢ ᠦᠨ᠎ᠡ ᠪᠤᠳᠤᠬᠤ ᠮᠠᠰᠢᠨ ᠢ ᠲᠤᠬᠠᠢ ᠶᠢᠨ ᠭᠠᠵᠠᠷ | ᠲᠤᠨᠢ ᠰᠡᠯᠪᠢᠨ ᠵᠠᠰᠠᠵᠤ᠂ ᠦᠨ᠎ᠡ ᠪᠤᠳᠤᠬᠤ ᠮᠠᠰᠢᠨ ᠨᠢᠭᠡᠪᠦᠷᠢ ᠶᠢᠨ ᠲᠠᠰᠢᠶᠠᠷᠠᠯ ᠢ ᠲᠣᠭᠲᠠᠭᠰᠠᠨ ᠵᠥᠪᠰᠢᠶᠡᠷᠡᠬᠦ | ᠬᠡᠪᠴᠢᠶᠡᠨ ᠳᠤ ᠪᠠᠶᠢᠯᠭᠠᠬᠤ ᠶᠢ ᠦᠨᠡᠨ ᠬᠦ ᠪᠠᠲᠤᠯᠠᠵᠤ᠂ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠨ᠎ᠡ | ᠪᠤᠳᠤᠬᠤ ᠮᠠᠰᠢᠨ ᠳᠤ ᠴᠥᠮ ᠬᠤᠷᠭᠤᠯᠵᠢᠨ ᠪᠢᠲᠡᠭᠦᠮᠵᠢ ᠲᠠᠭᠠᠷᠠᠭᠤᠯᠬᠤ ᠶᠢᠨ ᠬᠠᠮᠲᠤ ᠬᠢᠷᠢ ᠲᠡᠩᠴᠡᠭᠰᠡᠨ ᠲᠡᠮᠳᠡᠭ ᠢ | ᠨᠠᠭᠠᠵᠤ᠂ ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ ᠮᠠᠰᠢᠨ ᠤ ᠣᠨᠣᠪᠴᠢᠲᠠᠶ ᠪᠥᠭᠡᠳ ᠨᠠᠶᠢᠳᠠᠪᠤᠷᠢᠲᠠᠢ | ᠪᠠᠶᠢᠬᠤ ᠶᠢ ᠦᠨᠡᠨ ᠬᠦ ᠪᠠᠲᠤᠯᠠᠵᠦ ᠪᠤᠢ᠃ᠡᠭᠦᠨ ᠤ ᠬᠠᠮᠲᠤ᠂ ᠲᠤᠬᠠᠢ ᠶᠢᠨ ᠲᠠᠯᠠᠪᠤᠷ ᠤᠨ ᠰᠢᠯᠭᠠᠨ ᠲᠣᠭᠲᠠᠭᠠᠬᠤ | ᠠᠵᠢᠯ ᠤᠨ ᠳᠤᠮᠳᠠ᠂ ᠰᠢᠯᠭᠠᠨ ᠲᠣᠭᠲᠠᠭᠠᠬᠤ ᠠᠵᠢᠯᠲᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢ ᠴᠠᠭ | ᠲᠤᠬᠠᠢ ᠳᠤᠨᠢ ᠰᠢᠯᠭᠠᠨ ᠲᠣᠭᠲᠠᠭᠠᠬᠤ᠂ ᠪᠣᠯᠪᠠᠰᠤᠨ ᠢᠶᠠᠷ ᠡᠵᠡᠩᠨᠡᠬᠦ ᠶᠢ ᠢᠳᠡᠪᠬᠢᠲᠡᠢ ᠰᠠᠨᠠᠭᠠᠴᠢᠯᠠᠵᠤ᠂ ᠲᠦᠷᠢᠶᠡᠰᠦᠨ | ᠮᠠᠰᠢᠨ ᠲᠡᠷᠭᠡᠨ ᠤ ᠵᠢᠯᠣᠭᠤᠴᠢ ᠶᠢᠨ ᠬᠡᠮᠵᠢᠯᠲᠡ ᠶᠢᠨ ᠬᠠᠤᠯᠢ ᠳᠦᠷᠢᠮ ᠤᠨ ᠤᠬᠠᠮᠰᠠᠷ ᠢ ᠪᠦᠲᠦᠮᠵᠢᠲᠡᠶ | ᠳᠡᠭᠡᠭᠰᠢᠯᠡᠭᠦᠯᠪᠡ᠃ | ᠣᠲᠣ ᠪᠣᠯᠲᠠᠯ᠎ᠠ᠂ ᠨᠡᠶᠢᠲᠡ 120 ᠦᠨ᠎ᠡ ᠪᠤᠳᠤᠬᠤ ᠮᠠᠰᠢᠨ ᠢ ᠰᠢᠯᠭᠠᠨ ᠲᠣᠭᠲᠠᠭᠠᠵᠤ᠂ ᠬᠢᠷᠢ ᠲᠡᠩᠴᠡᠭᠰᠡᠨ | ᠨᠣᠷᠮ᠎ᠠ ᠨᠢ 100% ᠳᠤ ᠬᠦᠷᠴᠡᠢ᠃ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠲᠣᠭᠲᠠᠭᠠᠬᠤ ᠦᠢᠯᠡᠴᠢᠯᠡᠭᠡᠨ ᠤ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠲᠤᠰᠬᠠᠢ | ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠢᠶᠡᠰᠦᠨ ᠮᠠᠰᠢᠨ ᠲᠡᠷᠭᠡᠨ ᠤ ᠦᠨ᠎ᠡ ᠪᠤᠳᠤᠬᠤ | ᠮᠠᠰᠢᠨ ᠢ ᠬᠢᠨᠠᠨ ᠲᠣᠭᠲᠠᠭᠠᠬᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠦᠨᠡᠨᠴᠢ ᠢᠲᠡᠭᠡᠮᠵᠢᠲᠡᠢ᠂ | ᠡᠷᠬᠡ ᠲᠡᠭᠰᠢ ᠲᠥᠪ ᠭᠤᠥᠯᠴᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠪᠣᠶ ᠪᠣᠯᠭᠠᠬᠤ ᠳᠤ ᠬᠦᠴᠦᠲᠡᠢ ᠬᠡᠮᠵᠢᠯᠲᠡ ᠶᠢᠨ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | |