ᠨᠢᠩᠴᠧᠩ ᠰᠢᠶᠠᠨ ᠲᠠᠷᠢᠶᠠᠯᠠᠩ ᠤᠨ ᠠᠮᠤᠷ ᠲᠦᠪᠰᠢᠨ ᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2023/3/20
 ᠪᠦᠬᠦ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠨᠢᠩᠴᠧᠩ ᠰᠢᠶᠠᠨ ᠤ ᠲᠠᠷᠢᠶᠠᠯᠠᠩ ᠤᠨ ᠰᠠᠯᠠᠭ᠎ᠠ ᠮᠥᠴᠢᠷ ᠠᠴᠠ ᠪᠦᠬᠦ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠳᠤ ᠦᠯᠢᠭᠡᠷ ᠠᠪᠴᠤ ᠪᠠᠶᠢᠴᠠᠭᠠᠨ ᠬᠡᠮᠵᠢᠯᠲᠡ ᠬᠢᠬᠦ ᠶᠢᠨ ᠬᠠᠮᠲᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ︽ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ︾ ᠵᠢᠴᠢ ︽ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠳᠡᠮᠳᠡᠭᠯᠡᠯ ᠤᠨ ᠲᠦᠷᠢᠮ︾ ᠢ ᠠᠬᠢᠭᠤᠯᠪᠠ᠃ ᠲᠣᠰ ᠤᠳᠠᠭᠠᠨ ᠤ ᠰᠤᠭᠤᠴᠢᠨ ᠪᠠᠶᠢᠴᠠᠭᠠᠯᠲᠠ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠱᠠᠭᠠᠷᠳᠠᠯᠭ᠎ᠠ ᠪᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠪᠥᠬᠦ ᠰᠢᠶᠠᠨ ᠤ ᠬᠡᠪᠴᠢᠶᠡᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ ᠴᠣᠭᠴᠠ ᠠᠴᠠ ᠭᠤᠭᠤᠳ᠂ ᠥᠷᠭᠡᠰᠦᠲᠦ ᠬᠡᠮᠬᠡ᠂ ᠲᠥᠪᠡᠳ ᠬᠠᠰᠢ ᠵᠡᠷᠭᠡ ᠣᠯᠠᠨ ᠲᠥᠷᠥᠯ ᠢ ᠰᠤᠭᠤᠴᠢᠨ ᠠᠪᠴᠤ᠂ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠪᠠ᠃   ᠦᠯᠢᠭᠡᠷ ᠠᠪᠴᠤ ᠪᠠᠶᠢᠴᠠᠭᠠᠬᠤ ᠶᠢᠨ ᠬᠠᠮᠲᠤ᠂ ᠠᠵᠢᠯᠲᠠᠳ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠯ ᠤᠨ ᠲᠡᠮᠳᠡᠭᠯᠡᠯ ᠵᠡᠷᠭᠡ ᠪᠠᠶᠢᠳᠠᠯ ᠢ ᠬᠢᠨᠠᠨ ᠪᠠᠶᠢᠴᠠᠭᠠᠵᠤ᠂ ᠡᠭᠦᠨ ᠤ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ ᠴᠣᠭᠴᠠ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠮᠡᠳᠡᠯᠭᠡ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠢᠳᠡᠪᠬᠢᠲᠡᠢ ᠤᠬᠠᠭᠤᠯᠵᠤ᠂ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠬᠤ ᠪᠠ ᠬᠢᠵᠠᠭᠠᠷᠯᠠᠬᠤ ᠳᠦᠷᠢᠮ ᠢ ᠨᠠᠭᠠᠵᠤ᠂ ᠲᠡᠳᠡᠨ ᠤ ᠵᠦᠢ ᠵᠣᠬᠢᠰᠲᠠᠢ ᠪᠠᠷ ᠡᠮ ᠬᠡᠷᠡᠭᠯᠡᠬᠦ ᠶᠢ ᠵᠢᠯᠤᠭᠤᠳᠴᠤ᠂ ᠬᠤᠣᠷ ᠶᠡᠬᠡᠲᠡᠢ᠂ ᠦᠯᠡᠳᠡᠭᠳᠡᠯ ᠶᠡᠬᠡᠲᠡᠢ ᠲᠠᠷᠢᠶᠠᠨ ᠡᠮ ᠬᠡᠷᠡᠭᠯᠡᠬᠦ ᠶᠢ ᠴᠢᠩᠭ᠎ᠠ ᠴᠠᠭᠠᠵᠠᠯᠠᠪᠠ᠃  ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠦᠷᠭᠦᠯᠵᠢᠯᠡᠨ ᠴᠢᠩᠭᠠᠳᠬᠠᠵᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠷᠠᠳ ᠤᠯᠠᠨ ᠤ︽ᠢᠳᠡᠭᠡᠨ ᠤᠮᠳᠠᠭᠠᠨ ᠤ ᠠᠮᠤᠷ ᠲᠦᠪᠰᠢᠨ︾  ᠢ ᠡᠬᠢ ᠡᠭᠦᠰᠦᠯ ᠠᠴᠠ ᠨᠢ ᠦᠨᠡᠨᠬᠦ  ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号