ᠭᠤᠷᠪᠠᠨ ᠤᠪᠤᠭ᠎ᠠ ᠪᠠᠯᠭᠠᠰᠤ ︽ᠲᠠᠪᠤ ᠶᠢ ᠪᠣᠳᠠᠲᠠᠶᠢᠵᠢᠭᠤᠯᠵᠤ︾ ᠣᠶ ᠰᠢᠭᠤᠢ ᠨᠤᠲᠤᠭ ᠪᠡᠯᠴᠢᠭᠡᠷ ᠤᠨ ︽ᠰᠡᠷᠭᠡᠶᠢᠯᠡᠯᠲᠡ ᠶᠢᠨ ᠬᠡᠷᠡᠮ︾ ᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/3/22
 ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠭᠰᠠᠨ ᠠᠴᠠ ᠨᠠᠰᠢ᠂ ᠨᠢᠩᠴᠧᠩ ᠰᠢᠶᠠᠨ ᠤ ᠭᠤᠷᠪᠠᠨ ᠤᠪᠤᠭ᠎ᠠ ᠪᠠᠯᠭᠠᠰᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠡᠳᠦᠷ ᠲᠤᠳᠤᠮ ᠤᠨ ᠲᠣᠭᠤᠷᠢᠨ ᠬᠠᠮᠠᠭᠠᠯᠠᠬᠤ᠂ ᠨᠡᠶᠢᠭᠡᠮ ᠤᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠰᠡᠷᠭᠡᠶᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠡᠢ᠃  ᠨᠢᠭᠡ ᠳᠤ ᠡᠷᠲᠡ ᠠᠴᠠ ᠲᠣᠬᠢᠷᠠᠭᠤᠯᠵᠤ᠂ ᠬᠠᠷᠢᠭᠤᠴᠠᠯᠭ᠎ᠠ ᠶᠢ  ᠪᠤᠳᠠᠳᠠᠶᠢᠵᠢᠭᠤᠯᠪᠠ᠃ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠪᠤᠳᠤᠯᠢᠶᠠᠨᠲᠠᠢ ᠪᠠᠶᠢᠳᠠᠯ ᠢ ᠵᠠᠳᠠᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ᠡᠷᠲᠡ ᠠᠴᠠ ᠬᠥᠳᠡᠯᠦᠯᠴᠡᠨ᠂ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠠ ᠲᠣᠥᠷᠵᠢᠭᠤᠯᠤᠨ ᠬᠠᠮᠢᠶᠠᠷᠬᠤ ᠶᠣᠰᠣᠭᠠᠷ᠂ ︽ᠠᠭᠤᠯᠠᠨ ᠣᠷᠣᠢ ᠶᠢ ᠳᠠᠭᠠᠭᠠᠴᠢᠯᠠᠬᠤ᠂ ᠵᠠᠮ ᠤᠨ ᠠᠭᠤᠯᠵᠠᠷ ᠢ ᠰᠠᠬᠢᠬᠤ᠂ ᠭᠤᠣᠯᠳᠠᠯᠭ᠎ᠠ ᠶᠢ ᠠᠩᠬᠠᠷᠬᠤ᠂ ᠬᠠᠷᠢᠭᠤᠴᠠᠯᠭ᠎ᠠ ᠳᠤ ᠭᠠᠷ ᠤᠨ ᠥᠰᠥᠭ ᠵᠢᠷᠤᠬᠤ᠂ ᠡᠷᠲᠡ ᠠᠴᠠ ᠪᠠᠭ᠎ᠠ ᠪᠠᠶᠢᠯᠭᠠᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠲᠣᠭᠲᠠᠴᠠ ᠶᠢ ᠪᠣᠳᠠᠲᠠᠶᠢᠵᠢᠭᠤᠯᠵᠤ᠂ ᠬᠥᠨᠳᠡᠯᠡᠨ ᠴᠢᠭᠯᠡᠯ ᠢᠶᠠᠷ ᠬᠥᠪᠡᠭᠡ ᠬᠢᠵᠠᠭᠠᠷ ᠬᠦᠷᠬᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠠᠮᠢᠶᠠᠷᠴᠤ ᠬᠠᠮᠠᠭᠠᠯᠠᠬᠤ ᠲᠣᠣᠷᠵᠢᠯ ᠪᠠ ᠠᠵᠢᠯ ᠤᠨ ᠰᠢᠰᠲ᠋ᠧᠮᠵᠢ ᠶᠢ ᠪᠣᠶ ᠪᠣᠯᠭᠠᠪᠠ᠃  ᠬᠤᠶᠠᠷ ᠲᠤ ᠥᠷᠭᠡᠨ ᠢᠶᠠᠷ ᠤᠬᠠᠭᠤᠯᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠪᠤᠳᠠᠳᠠᠶᠢᠵᠢᠭᠤᠯᠪᠠ᠃ᠭᠠᠯ ᠰᠡᠷᠭᠡᠶᠢᠯᠡᠬᠦ ᠤᠬᠠᠭᠤᠯᠭ᠎ᠠ ᠶᠢᠨ ︽ᠲᠠᠪᠤ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠣᠶ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠳ᠋ᠤᠭᠠᠷ ᠢᠶᠠᠷ ᠣᠶ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠮᠡᠳᠡᠭᠡ ᠵᠠᠩᠭᠢ ᠶᠢ ᠪᠠᠶᠢᠩᠭᠤ ᠬᠦᠷᠭᠡᠵᠦ ᠨᠡᠶᠢᠲᠡᠯᠡᠬᠦ᠂ ᠨᠡᠭᠦᠳᠡᠯ ᠤᠬᠠᠭᠤᠯᠭ᠎ᠠ ᠶᠢᠨ ᠲᠡᠷᠭᠡ ᠶᠢ ᠬᠥᠳᠡᠯᠭᠡᠨ ᠰᠡᠷᠡᠮᠵᠢ ᠶᠢᠨ ᠫᠠᠶᠢᠰᠠ ᠪᠣᠰᠬᠠᠬᠤ᠂ ᠤᠬᠠᠭᠤᠯᠭ᠎ᠠ ᠶᠢᠨ ᠤᠷᠢᠶ᠎ᠠ ᠨᠠᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠣᠷ ᠬᠥᠨᠥᠭᠡᠯ᠂ ᠤᠷᠢᠳᠴᠢᠯᠠᠨ ᠰᠡᠷᠭᠡᠶᠢᠯᠡᠬᠦ᠂ ᠭᠠᠯ ᠤᠨᠲᠠᠷᠠᠭᠠᠬᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠤ ᠬᠥᠮᠥᠨ ᠪᠣᠯᠭᠠᠨ ᠬᠠᠷᠢᠭᠤᠴᠠᠯᠭ᠎ᠠ ᠲᠠᠢ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃  ᠭᠤᠷᠪᠠ ᠳᠤ᠂ ᠬᠡᠪ ᠤᠨ ᠪᠠᠶᠢᠳᠠᠯ ᠢ ᠠᠳᠬᠤᠵᠤ᠂ ᠵᠢᠵᠢᠭᠦᠷᠯᠡᠨ ᠰᠠᠬᠢᠬᠤ ᠶᠢ ᠪᠤᠳᠠᠳᠠᠶᠢᠵᠢᠭᠤᠯᠪᠠ᠃ᠨᠠᠮ ᠤᠨ ᠭᠡᠰᠢᠭᠦᠨ ᠺᠠᠳ᠋ᠷ᠂ ᠲᠣᠰᠬᠤᠨ ᠤ ᠵᠠᠯᠠᠭᠤ ᠢᠳᠡᠷ ᠠᠷᠠᠳ ᠢᠶᠠᠷ ᠭᠤᠣᠯᠯᠠᠭᠴᠢ ᠬᠦᠴᠦᠨ ᠪᠣᠯᠭᠠᠭᠰᠠᠨ ᠲᠣᠰᠬᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠭᠠᠯ ᠤᠨᠲᠠᠷᠠᠭᠠᠬᠤ ᠪᠣᠯᠪᠠᠰᠤᠷᠠᠭᠤᠯᠤᠯ ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠠᠮᠲᠤᠷᠠᠨ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ 24 ᠴᠠᠭ ᠢᠶᠠᠷ ᠵᠢᠵᠢᠭᠦᠷᠯᠡᠬᠦ ᠳᠦᠷᠢᠮ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ 24 ᠴᠠᠭ ᠢᠶᠠᠷ ᠴᠢᠮᠡᠭᠡ ᠬᠤᠯᠪᠣᠭ᠎ᠠ ᠶᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠨ᠂ ᠭᠠᠯ ᠤᠨ ᠪᠠᠶᠢᠳᠠᠯ ᠤᠨ ︽ᠡᠳᠦᠷ ᠤᠨ ᠳᠦᠷᠢᠮ︾ ︽ᠮᠡᠳᠡᠭᠦᠯᠬᠦ ᠳᠦᠷᠢᠮ︾ ᠢ ᠬᠡᠷᠡᠭᠵᠢᠭᠦᠯᠵᠦ᠂ ᠭᠠᠯ ᠢ ᠵᠠᠪᠠᠯ ᠮᠡᠳᠡᠭᠦᠯᠬᠦ᠂ ᠳᠠᠭᠠᠷᠢᠯᠲᠠ ᠶᠢ ᠵᠡᠷᠭᠡᠪᠡᠷ ᠶᠠᠪᠤᠭᠳᠠᠭᠤᠯᠵᠤ᠂ ᠮᠡᠳᠡᠭᠦᠯᠬᠦ ᠦᠭᠡᠢ ᠨᠢᠭᠤᠬᠤ᠂ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ ᠪᠤᠢ᠃  ᠳᠥᠷᠪᠡ ᠳᠤ ᠬᠦᠴᠦᠨ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠤᠳᠠᠳᠠᠶᠢᠵᠢᠭᠤᠯᠪᠠ ᠃ᠭᠠᠯ ᠤᠨᠲᠠᠷᠠᠭᠠᠬᠤ ᠶᠢ ᠰᠡᠷᠭᠡᠶᠢᠯᠡᠬᠦ ᠡᠳ᠋ ᠪᠠᠷᠠᠭ᠎ᠠ ᠶᠢᠨ ᠨᠥᠭᠡᠴᠡᠯᠡᠯᠲᠡ ᠶᠢ ᠬᠤᠳᠠᠯᠳᠤᠨ ᠠᠪᠴᠤ᠂ ᠭᠠᠯ ᠤᠨᠲᠠᠷᠠᠭᠠᠬᠤ ᠲᠣᠨᠣᠭᠯᠠᠯ᠂ ᠮᠠᠰᠢᠨ ᠪᠠᠭᠠᠵᠢ ᠪᠣᠯᠣᠨ ᠡᠳ᠋ ᠪᠠᠷᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠠᠮᠠᠭᠠᠯᠠᠵᠤ᠂ ᠠᠷᠠᠴᠢᠯᠠᠵᠤ᠂ ᠡᠳ᠋ ᠪᠠᠷᠠᠭ᠎ᠠ ᠶᠢ ᠭᠦᠢᠴᠡᠳ ᠪᠠᠶᠢᠯᠭᠠᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ ᠪᠠ ᠬᠡᠷᠡᠭᠯᠡᠵᠦ ᠳᠡᠶᠢᠯᠬᠦ ᠶᠢ ᠦᠨᠡᠨᠬᠦ  ᠪᠠᠲᠤᠯᠠᠪᠠ᠃ᠡᠭᠦᠨ ᠤ ᠬᠠᠮᠲᠤ᠂ ᠡᠳᠦᠷ ᠪᠦᠷᠢ ᠡᠯ᠎ᠡ ᠲᠣᠰᠬᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠣᠬᠢᠷᠠᠭᠤᠯᠤᠨ ᠮᠥᠷᠳᠡᠵᠦ᠂ ᠣᠶ ᠬᠠᠮᠠᠭᠠᠯᠠᠭᠴᠢ ᠠᠭᠤᠯᠠ ᠴᠠᠭᠳᠠᠬᠤ᠂ ᠪᠠᠯᠭᠠᠰᠤ ᠲᠣᠰᠬᠤᠨ ᠤ ᠺᠠᠳ᠋ᠷᠴᠤᠳ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠴᠢᠩᠭ᠎ᠠ ᠰᠡᠷᠭᠡᠶᠢᠯᠡᠨ ᠰᠠᠬᠢᠵᠤ᠂ ︽ᠭᠠᠯ ᠰᠡᠷᠭᠡᠶᠢᠯᠡᠬᠦ ᠬᠥᠪᠴᠢ︾ ᠪᠠᠨ ᠴᠢᠩᠭᠠᠯᠠᠪᠠ᠃  ᠲᠠᠪᠤ ᠳᠤ ᠰᠠᠬᠢᠯᠭ᠎ᠠ ᠪᠠᠲᠤ ᠶᠢ ᠴᠢᠩᠳᠠᠯᠠᠵᠤ᠂ ᠲᠣᠭᠤᠷᠢᠨ ᠪᠠᠶᠢᠴᠠᠭᠠᠵᠤ ᠪᠠᠶᠢᠴᠠᠭᠠᠬᠤ ᠶᠢ ᠪᠣᠳᠠᠲᠠᠶᠢᠵᠢᠭᠤᠯᠵᠤ᠂ ᠭᠠᠯ ᠤᠨ ᠭᠠᠮᠰᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠬᠠᠤᠯᠢ ᠶᠣᠰᠣᠭᠠᠷ ᠭᠠᠯ ᠢ ᠵᠠᠰᠠᠵᠤ᠂ ᠭᠠᠯ ᠢ ᠴᠢᠩᠭ᠎ᠠ ᠬᠠᠮᠢᠶᠠᠷᠬᠤ ᠶᠢ ᠪᠡᠶᠡᠯᠡᠭᠦᠯᠪᠡ᠃ᠲᠣᠰᠬᠤᠨ ᠤ ᠱᠠᠲᠤᠨ ᠤ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ ᠡᠩᠨᠡᠭᠡ ᠶᠢ ᠪᠠᠶᠢᠭᠤᠯᠵᠤ᠂ ᠪᠠᠶᠢᠩᠭᠤ ᠶᠢᠨ ᠲᠣᠭᠤᠷᠢᠨ ᠬᠠᠮᠠᠭᠠᠯᠠᠬᠤ ᠠᠵᠢᠯ ᠢ ᠥᠷᠨᠢᠭᠦᠯᠵᠦ᠂ ᠢᠯᠠᠩᠭᠤᠶ᠎ᠠ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠡᠰᠡᠭ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠲᠣᠭᠤᠷᠢᠨ ᠬᠠᠮᠠᠭᠠᠯᠠᠬᠤ ᠤᠳᠠᠭ᠎ᠠ ᠶᠢ  ᠨᠡᠮᠡᠬᠦ ᠶᠢᠨ ᠬᠠᠮᠲᠤ᠂ ᠣᠶ ᠰᠢᠭᠤᠢ ᠬᠠᠮᠠᠭᠠᠯᠠᠭᠴᠢ ᠶᠢ ᠭᠤᠣᠯᠳᠠᠯᠭ᠎ᠠ ᠲᠠᠢ ᠲᠦᠭᠰᠢᠭᠦᠷᠢ ᠲᠠᠢ ᠭᠠᠵᠠᠷ ᠣᠷᠣᠨ ᠳᠤ ᠲᠤᠰᠬᠠᠢ ᠬᠥᠮᠥᠨ ᠲᠣᠮᠢᠯᠠᠨ ᠴᠡᠭ ᠲᠤ ᠰᠠᠭᠤᠯᠭᠠᠵᠤ ᠬᠢᠨᠠᠨ ᠡᠵᠡᠮᠳᠡᠬᠦ ᠶᠢ ᠲᠣᠳᠣᠷᠬᠠᠶᠢᠯᠠᠵᠤ᠂ ᠴᠢᠩᠭ᠎ᠠ ᠰᠡᠷᠭᠡᠶᠢᠯᠡᠨ ᠰᠠᠬᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠡᠷᠲᠡ ᠢᠯᠡᠷᠡᠭᠦᠯᠵᠦ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠬᠢᠨᠠᠨ ᠬᠠᠮᠢᠶᠠᠷᠬᠤ ᠬᠥᠮᠥᠨ ᠲᠠᠢ᠂ ᠬᠠᠷᠢᠭᠤᠴᠠᠬᠤ ᠬᠥᠮᠥᠨ ᠲᠠᠢ ᠪᠠᠶᠢᠬᠤ ᠶᠢ ᠦᠨᠡᠨᠬᠦ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号