ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠤᠯᠢᠶᠠᠰᠤᠨ ᠮᠣᠳᠣᠨ ᠤ ᠮᠠᠭᠤᠳᠠᠭᠰᠠᠨ ᠤᠢ ᠮᠣᠳᠣᠨ ᠤ ᠬᠡᠰᠡᠭᠯᠡᠯ ᠢ ᠵᠠᠰᠠᠨ ᠰᠡᠷᠭᠦᠭᠡᠬᠦ ᠥᠭᠡᠷᠡᠴᠢᠯᠡᠯᠲᠡ ᠶᠢ ᠪᠦᠬᠦ ᠠᠬᠢᠭᠤᠯᠵᠦ ᠪᠤᠢ
ᠨᠡᠶᠢᠲᠡᠯᠡᠭᠰᠡᠨ ᠴᠠᠭ᠄
2023/3/22
 ᠨᠢᠩᠴᠧᠩ ᠰᠢᠶᠠᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ ᠤᠯᠢᠶᠠᠰᠤᠨ ᠮᠣᠳᠣᠨ ᠤ ᠮᠠᠭᠤᠳᠠᠭᠰᠠᠨ ᠣᠶ ᠶᠢᠨ ᠬᠡᠰᠡᠭᠯᠡᠯ ᠢ ᠵᠠᠰᠠᠨ ᠰᠡᠷᠭᠦᠭᠡᠬᠦ ᠲᠤᠷᠰᠢᠯᠲᠠ ᠶᠢ ᠬᠢᠵᠦ᠂ ᠬᠤᠶᠠᠷ ᠵᠢᠯ ᠤᠨ ᠴᠢᠷᠮᠠᠶᠢᠯᠭ᠎ᠠ ᠪᠠᠷ ᠳᠡᠮᠵᠢᠨ᠂ 2360 ᠮᠦ ᠭᠠᠵᠠᠷ ᠢ ᠨᠢᠭᠡᠨᠲᠡ ᠵᠠᠰᠠᠨ ᠰᠡᠷᠭᠦᠭᠡᠪᠡ᠃ᠰᠡᠷᠭᠦᠭᠡᠨ ᠥᠭᠡᠷᠡᠴᠢᠯᠡᠬᠦ ᠠᠬᠢᠴᠠ ᠶᠢ ᠲᠦᠷᠭᠡᠳᠬᠡᠬᠦ ᠶᠢᠨ ᠲᠥᠯᠥᠭᠡ᠂ 2023 ᠣᠨ ᠳᠤ ᠨᠢᠩᠴᠧᠩ ᠰᠢᠶᠠᠨ ᠲᠡᠭᠦᠨ ᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠬᠦᠴᠦᠲᠡᠢ ᠠᠬᠢᠭᠤᠯᠵᠦ ᠪᠤᠢ᠃  ᠨᠢᠭᠡ ᠳᠤ ᠲᠣᠭᠲᠠᠴᠠ ᠶᠢ ᠬᠤᠪᠢᠷᠠᠭᠤᠯᠵᠤ᠂ ᠬᠠᠷᠢᠭᠤᠴᠠᠯᠭ᠎ᠠ ᠶᠢ  ᠲᠤᠳᠤᠷᠬᠠᠶᠢᠯᠠᠪᠠ᠃ᠰᠢᠶᠠᠩ ᠪᠠᠯᠭᠠᠰᠤᠨ ᠤ ᠣᠶ ᠰᠢᠭᠤᠢ ᠶᠢᠨ ᠳᠠᠷᠤᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠰᠢᠶᠠᠩ ᠪᠠᠯᠭᠠᠰᠤ ᠪᠣᠯ ᠪᠠᠷᠢᠯᠭ᠎ᠠ ᠶᠢᠨ ᠭᠤᠣᠯ ᠴᠣᠭᠴᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠦᠢᠯᠡᠴᠢᠯᠡᠭᠡᠨ ᠤ ᠭᠤᠣᠯ ᠴᠣᠭᠴᠠ ᠪᠣᠯᠬᠤ ᠳᠠᠪᠬᠤᠷ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠣᠳᠣᠷᠬᠠᠶᠢᠯᠠᠭᠰᠠᠨ ᠤ ᠬᠠᠮᠲᠤ᠂ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠰᠢᠶᠠᠩ ᠪᠠᠯᠭᠠᠰᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠰᠢᠯᠭᠠᠨ ᠦᠨᠡᠯᠡᠬᠦ ᠰᠢᠰᠲ᠋ᠧᠮᠵᠢ ᠳᠤ ᠣᠷᠣᠭᠤᠯᠤᠨ ᠭᠤᠣᠯᠳᠠᠯᠭ᠎ᠠ ᠲᠠᠢ ᠬᠢᠨᠠᠨ ᠰᠢᠯᠭᠠᠵᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠶᠢ ᠪᠡᠶᠡᠯᠡᠭᠦᠯᠪᠡ᠃ᠬᠤᠶᠠᠷ ᠲᠤ ᠦᠵᠡᠯᠲᠡ ᠪᠠᠨ ᠰᠢᠨᠡᠳᠬᠡᠵᠦ᠂ ᠬᠥᠭᠵᠢᠯᠲᠡ ᠶᠢ  ᠠᠬᠢᠭᠤᠯᠪᠠ᠃ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠣᠯᠪᠠᠰᠤᠨ ᠤ ᠤᠨᠤᠯ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠤᠢ  ᠶᠢ ᠰᠢᠨᠡᠴᠢᠯᠡᠬᠦ ᠪᠠᠷ ᠭᠤᠣᠯ ᠪᠣᠯᠭᠠᠨ᠂ ᠤᠢ ᠶᠢᠨ ᠬᠤᠷᠮᠣᠢ ᠶᠢᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠳᠠᠩ ᠭᠠᠭᠴᠠ ᠠᠮᠢ ᠠᠬᠤᠢ ᠶᠢᠨ ᠦᠷ᠎ᠡ ᠠᠰᠢᠭ ᠢ ᠠᠮᠢ ᠠᠬᠤᠢ  ᠶᠢᠨ ᠦᠷ᠎ᠡ ᠠᠰᠢᠭ᠂ ᠠᠵᠤ ᠠᠬᠤᠢ  ᠶᠢᠨ ᠦᠷ᠎ᠡ ᠠᠰᠢᠭ ᠤᠨ ᠬᠤᠣᠰ ᠴᠢᠭᠯᠡᠯ ᠢᠶᠠᠷ ᠬᠠᠮᠲᠤᠪᠠᠷ ᠠᠰᠢᠭ ᠬᠦᠷᠳᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠪᠡ᠃ᠭᠤᠷᠪᠠ ᠳᠤ᠂ ᠵᠠᠭᠪᠤᠷ ᠤᠨ ᠰᠢᠨ᠎ᠡ ᠶᠢ ᠡᠭᠦᠳᠴᠦ᠂ ᠭᠠᠷ ᠭᠦᠢᠴᠡᠳᠬᠡᠯ ᠢ  ᠲᠦᠭᠦᠮᠴᠢᠯᠡᠪᠡ᠃ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠶᠢᠰᠦᠨ ᠶᠠᠮᠤᠨ ᠬᠤᠷᠢᠶ᠎ᠠ ᠶᠢᠨ ︽ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢ ᠢᠳᠡᠪᠬᠢᠲᠡᠢ ᠳᠡᠯᠭᠡᠷᠡᠭᠦᠯᠬᠦ ᠲᠤᠬᠠᠢ ᠰᠠᠨᠠᠯ︾ ᠢ ᠦᠨᠳᠦᠰᠦᠯᠡᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠷᠢᠯᠭ᠎ᠠ ᠶᠢᠨ ᠠᠷᠭ᠎ᠠ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠡᠷᠬᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠬᠠᠮᠲᠤ ᠪᠠᠰᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠤᠭᠴᠤᠭ᠎ᠠ ᠶᠢ ᠪᠠᠭᠠᠰᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠴᠠᠭ ᠢ ᠶᠡᠭᠡ ᠪᠠᠷ ᠪᠠᠭᠠᠰᠬᠠᠪᠠ᠃ᠳᠥᠷᠪᠡ ᠳᠤ ᠰᠢᠭᠤᠶᠢᠲᠤ ᠭᠠᠵᠠᠷ ᠤᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠬᠡᠪᠴᠢᠶᠡᠲᠦ ᠡᠵᠡᠩᠨᠡᠯᠲᠡ ᠶᠢ ᠵᠣᠬᠢᠰᠲᠠᠢ ᠪᠠᠷ  ᠬᠦᠭᠵᠢᠭᠦᠯᠪᠡ᠃ᠰᠢᠭᠤᠶᠢᠲᠤ ᠭᠠᠵᠠᠷ ᠢ ᠦᠨ᠎ᠡ ᠲᠥᠯᠥᠪᠦᠷᠢ ᠲᠠᠢ ᠪᠠᠷ ᠡᠷᠭᠢᠯᠲᠡ ᠳᠤ ᠣᠷᠣᠭᠤᠯᠬᠤ ᠶᠢ ᠰᠠᠨᠠᠭᠠᠴᠢᠯᠠᠵᠤ᠂ ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠬᠡᠷᠡᠭᠯᠡᠬᠦ ᠡᠷᠬᠡ ᠪᠠ ᠡᠵᠡᠩᠨᠡᠬᠦ ᠡᠷᠬᠡ ᠶᠢᠨ ︽ᠭᠤᠷᠪᠠᠨ ᠡᠷᠬᠡ ᠶᠢ ᠰᠠᠯᠭᠠᠬᠤ︾ ᠶᠢ ᠲᠦᠯᠬᠢᠨ ᠠᠬᠢᠭᠤᠯᠵᠤ᠂ ᠤᠢ ᠰᠢᠭᠤᠢ ᠶᠢᠨ ᠦᠢᠯᠡᠰ ᠤᠨ ᠲᠤᠰᠬᠠᠢ ᠲᠣᠮᠣ ᠡᠷᠦᠭᠡ ᠶᠢᠨ ᠬᠡᠪᠴᠢᠶᠡᠲᠦ ᠡᠵᠡᠩᠨᠡᠯᠲᠡ ᠶᠢ ᠵᠣᠬᠢᠰᠲᠠᠢ ᠪᠠᠷ ᠬᠥᠭᠵᠢᠭᠦᠯᠬᠦ ᠶᠢ  ᠵᠣᠷᠢᠭᠵᠢᠭᠤᠯᠪᠠ᠃  ᠣᠲᠣ ᠪᠣᠯᠲᠠᠯ᠎ᠠ᠂ ᠨᠢᠩᠴᠧᠩ ᠰᠢᠶᠠᠨ ᠤ 2023 ᠣᠨ ᠤ ᠮᠢᠩᠭᠠᠨ ᠮᠦ ᠤᠯᠢᠶᠠᠰᠤᠨ ᠮᠣᠳᠣᠨ ᠤ ᠮᠠᠭᠤᠳᠠᠭᠰᠠᠨ ᠣᠶ ᠶᠢᠨ ᠬᠡᠰᠡᠭᠯᠡᠯ ᠢ ᠵᠠᠰᠠᠨ ᠰᠡᠷᠭᠦᠭᠡᠬᠦ ᠢᠨᠵᠧᠨᠧᠷᠢᠩ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠬᠡᠷᠡᠭᠰᠡᠬᠦ ᠴᠢᠬᠢ ᠮᠣᠳᠣ ᠪᠠ ᠡᠳ᠋ ᠪᠣᠳᠠᠰ ᠢ ᠨᠢᠭᠡᠨᠲᠡ ᠪᠦᠬᠦᠨ ᠢ ᠪᠡᠯᠡᠳᠬᠡᠵᠦ ᠳᠠᠭᠤᠰᠬᠠᠪᠠ᠃ᠣᠳᠣᠬᠠᠨ ᠳᠤ ᠡᠳᠦᠷ ᠪᠦᠷᠢ 10 ᠨᠦᠭᠡ ᠤᠬᠤᠬᠤ ᠮᠠᠰᠢᠨ᠂ 5 ᠭᠠᠵᠠᠷ ᠲᠡᠭᠰᠢᠯᠡᠬᠦ ᠮᠠᠰᠢᠨ᠂ 50 ᠭᠠᠷᠤᠢ ᠣᠭᠲᠣᠯᠣᠨ ᠵᠥᠭᠡᠭᠡᠪᠦᠷᠢᠯᠡᠵᠦ ᠲᠡᠷᠭᠡ ᠠᠵᠢᠯ ᠬᠢᠵᠦ ᠪᠤᠢ᠂ ᠵᠢᠱᠢᠯᠲᠡ ᠪᠠᠷ 3 ᠰᠠᠷ᠎ᠠ ᠶᠢᠨ ᠰᠡᠭᠦᠯᠴᠢ ᠠᠴᠠ ᠡᠮᠦᠨ᠎ᠡ ᠣᠶᠢᠵᠢᠭᠤᠯᠵᠤ᠂ 4 ᠰᠠᠷ᠎ᠠ ᠶᠢᠨ ᠡᠬᠢ ᠪᠠᠷ ᠡᠬᠢᠯᠡᠨ ᠵᠠᠶᠢᠯᠠᠵᠤ᠂ 4 ᠰᠠᠷ᠎ᠠ ᠶᠢᠨ 25 ᠤ ᠡᠳᠦᠷ ᠠᠴᠠ ᠡᠮᠦᠨ᠎ᠡ ᠪᠦᠬᠦᠨ ᠢ ᠪᠠᠷᠢᠵᠤ ᠳᠠᠭᠤᠰᠬᠠᠬᠤ ᠪᠠᠷ ᠵᠢᠱᠢᠵᠦ ᠪᠣᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号