ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠰᠢᠲᠠᠮᠠᠬᠠᠢ ᠬᠡᠢ ᠶᠢᠨ ᠪᠠᠭᠠᠵᠢ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ ᠤᠯᠠᠨ ᠲᠦᠮᠡᠨ ᠤ︽ᠠᠮᠤᠷ ᠲᠦᠪᠰᠢᠨ ᠤ ᠨᠡᠭᠡᠯᠡᠭᠡᠢ︾ ᠶᠢ ᠴᠢᠩᠭᠠᠯᠠᠨ᠎ᠠ
ᠨᠡᠶᠢᠲᠡᠯᠡᠭᠰᠡᠨ ᠴᠠᠭ᠄
2023/3/22
 ᠭᠡᠷ ᠲᠤ ᠬᠡᠷᠡᠭᠯᠡᠬᠦ ᠰᠢᠲᠠᠮᠠᠬᠠᠢ ᠬᠡᠢ ᠶᠢᠨ ᠵᠤᠤᠬ᠎ᠠ ᠶᠢᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠵᠦ ᠂ ᠡᠯ᠎ᠡ ᠲᠥᠷᠥᠯ ᠤᠨ ᠰᠢᠲᠠᠮᠠᠬᠠᠢ ᠬᠡᠢ ᠶᠢᠨ ᠠᠳᠡᠯ ᠤᠨ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠵᠤ᠂ ᠳᠠᠯᠳᠠ ᠬᠡᠮ ᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ︽ᠰᠢᠲᠠᠮᠠᠬᠠᠢ ᠬᠡᠢ ᠶᠢᠨ ᠬᠡᠷᠡᠭᠰᠡᠯ ᠵᠡᠷᠭᠡ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠤᠨ ᠬᠡᠷᠡᠭᠯᠡᠭᠡᠨ ᠤ ᠰᠢᠲᠠᠮᠠᠬᠠᠢ ᠬᠡᠢ ᠶᠢᠨ ᠵᠤᠤᠬ᠎ᠠ ᠶᠢᠨ ᠲᠤᠰᠬᠠᠢ ᠪᠠᠶᠢᠴᠠᠭᠠᠯᠲᠠ ᠶᠢ ᠡᠮᠬᠢ ᠵᠢᠷᠤᠮ ᠲᠠᠢ ᠥᠷᠨᠢᠭᠦᠯᠪᠡ᠃ ᠨᠢᠭᠡ ᠳᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠭᠦᠢᠯᠭᠡᠭᠡᠨ ᠤ ᠬᠦᠷᠢᠶ᠎ᠡ ᠶᠢ ᠴᠡᠭᠴᠡᠯᠡᠨ ᠵᠠᠰᠠᠪᠠ᠃ᠬᠠᠤᠯᠢ ᠬᠡᠷᠡᠭᠵᠢᠭᠦᠯᠬᠦ ᠠᠵᠢᠯᠲᠠᠨ ᠰᠢᠲᠠᠮᠠᠬᠠᠢ ᠬᠡᠢ ᠶᠢᠨ ᠪᠠᠭᠠᠵᠢ ᠵᠢᠴᠢ ᠰᠡᠯᠪᠢᠭ ᠲᠣᠨᠤᠭ ᠡᠵᠡᠩᠨᠡᠬᠦ ᠠᠵᠤ ᠠᠬᠤᠶᠢᠯᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠵᠤ᠂ ᠡᠵᠡᠩᠨᠡᠯᠲᠡ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠨᠡᠷᠡᠶᠢᠳᠦᠯ ᠂ ᠬᠠᠶ᠋ᠢᠭ᠂ ᠬᠠᠷᠢᠭᠤᠴᠠᠯᠭᠠᠲᠠᠨ᠂ ᠬᠠᠷᠢᠯᠴᠠᠬᠤ ᠠᠷᠭ᠎ᠠ ᠮᠠᠶ᠋ᠢᠭ᠂ ᠡᠵᠡᠩᠨᠡᠯᠲᠡ ᠶᠢᠨ ᠦᠢᠯᠡᠳᠬᠦᠨ ᠤ ᠲᠥᠷᠥᠯ ᠵᠦᠢᠯ ᠤᠨ ᠮᠡᠳᠡᠭᠡ ᠵᠠᠩᠭᠢ ᠶᠢ ᠨᠠᠷᠢᠨ ᠨᠢᠮᠪᠠᠢ ᠡᠵᠡᠮᠰᠢᠨ᠂ ᠠᠵᠤ ᠠᠬᠤᠶᠢᠯᠠᠯ ᠤᠨ ᠡᠬᠡ ᠲᠠᠩᠰᠠ ᠶᠢ ᠪᠠᠶᠢᠭᠤᠯᠪᠠ᠃ᠰᠢᠲᠠᠮᠠᠬᠠᠢ ᠬᠡᠢ ᠶᠢᠨ ᠵᠤᠤᠬ᠎ᠠ ᠶᠢᠨ ᠦᠢᠯᠡᠳᠬᠦᠨ ᠤ ᠲᠡᠮᠳᠡᠭ ᠳᠡᠭᠡᠷ᠎ᠡ ᠦᠢᠯᠡᠳᠬᠦᠨ ᠤ ᠨᠡᠷᠡᠶᠢᠳᠦᠯ᠂ ᠬᠡᠪ ᠪᠠᠷᠢᠮᠵᠢᠶ᠎ᠠ ᠬᠡᠯᠪᠡᠷᠢ ᠮᠠᠶ᠋ᠢᠭ᠂ ᠦᠢᠯᠡᠳᠪᠤᠷᠢᠯᠡᠭᠰᠡᠨ ᠦᠢᠯᠡᠳᠪᠦᠷᠢ ᠶᠢᠨ ᠨᠡᠷ᠎ᠡ ᠬᠠᠶ᠋ᠢᠭ ᠢ ᠲᠣᠳᠣᠷᠬᠠᠶᠢᠯᠠᠭᠰᠠᠨ ᠡᠰᠡᠬᠦ᠂ ᠰᠢᠲᠠᠮᠠᠬᠠᠢ ᠬᠡᠢ ᠶᠢᠨ ᠲᠥᠷᠥᠯ ᠢᠯᠭᠠᠯ᠂ ᠬᠡᠢ ᠬᠠᠩᠭᠠᠬᠤ ᠳᠠᠷᠤᠯᠲᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠢᠴᠢ 3C ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠯ ᠤᠨ ᠲᠡᠮᠳᠡᠭ ᠢ ᠬᠡᠷᠡᠭᠯᠡᠭᠰᠡᠨ ᠡᠰᠡᠬᠦ᠂ ᠰᠢᠲᠠᠮᠠᠬᠠᠢ ᠬᠡᠢ ᠶᠢᠨ ᠪᠠᠭᠠᠵᠢ ᠳᠤ ᠭᠠᠯ ᠤᠨᠲᠠᠷᠠᠭᠠᠬᠤ ᠬᠠᠮᠠᠭᠠᠯᠠᠯᠲᠠ ᠶᠢᠨ ᠲᠥᠬᠦᠭᠡᠷᠦᠮᠵᠢ ᠲᠣᠬᠢᠷᠠᠭᠤᠯᠤᠭᠰᠠᠨ ᠡᠰᠡᠬᠦ᠂ ᠰᠢᠲᠠᠮᠠᠬᠠᠢ ᠬᠡᠢ ᠶᠢᠨ ᠳᠠᠮᠵᠢᠭᠤᠯᠬᠤ ᠬᠤᠭᠤᠯᠠᠢ ᠨᠢ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠬᠤᠶᠠᠷ ᠲᠤ ᠡᠵᠡᠩᠨᠡᠭᠴᠢᠳ ᠢ ᠰᠢᠪᠠᠳᠠᠵᠤ ᠪᠠᠶᠢᠭᠠᠳ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠡᠵᠡᠩᠨᠡᠭᠴᠢᠳ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠲᠠᠸᠠᠷ ᠤᠨ ᠡᠵᠡᠩᠨᠡᠭᠴᠢᠳ ᠢ ᠵᠢᠯᠣᠭᠤᠳᠤᠨ ᠰᠢᠮᠳᠠᠭᠤᠯᠵᠤ ᠪᠠᠶᠢᠭᠠᠳ ᠲᠠᠸᠠᠷ ᠤᠨ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠭᠦᠯᠵᠦ᠂ ︽ᠭᠤᠷᠪᠠ ᠶᠢ ᠳᠠᠭᠠᠭᠠᠬᠤ ᠦᠢᠯᠡᠴᠢᠯᠡᠭᠡ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠣᠷᠣᠯᠠᠭᠤᠯᠵᠤ ᠪᠠᠶᠢᠭ᠎ᠠ ᠰᠢᠲᠠᠮᠠᠬᠠᠢ ᠬᠡᠢ ᠶᠢᠨ ᠵᠤᠤᠬ᠎ᠠ ᠶᠢᠨ ᠢᠷᠡᠯᠲᠡ ᠶᠢ ᠮᠥᠷᠳᠡᠵᠦ ᠪᠣᠯᠬᠤ᠂ ᠶᠠᠰᠤ ᠴᠢᠨᠠᠷ ᠢ ᠪᠠᠲᠤᠯᠠᠭ᠎ᠠ ᠲᠠᠢ᠂ ᠪᠣᠷᠣᠯᠠᠭᠤᠯᠤᠭᠰᠠᠨ ᠤ ᠳᠠᠷᠠᠭ᠎ᠠ ᠬᠠᠮᠠᠭᠠᠯᠠᠯᠲᠠ ᠲᠠᠢ ᠪᠠᠶᠢᠬᠤ ᠶᠢ ᠦᠨᠡᠨᠬᠦ  ᠪᠠᠲᠤᠯᠠᠪᠠ᠃ ᠭᠤᠷᠪᠠ ᠳᠤ᠂ ᠤᠬᠠᠭᠤᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠪᠡ᠃ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢ ᠵᠢᠴᠢ ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠬᠠᠮᠢᠶ᠎ᠠ ᠪᠦᠬᠦᠢ ᠪᠦᠲᠦᠭᠡᠭᠳᠡᠬᠦᠨ ᠢ ᠪᠣᠷᠣᠯᠠᠭᠤᠯᠬᠤ᠂ ᠰᠣᠩᠭᠤᠵᠤ ᠬᠤᠳᠠᠯᠳᠤᠨ ᠠᠪᠬᠤ ᠵᠢᠴᠢ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ︽ᠪᠦᠲᠦᠭᠡᠭᠳᠡᠬᠦᠨ ᠤ ᠶᠠᠰᠤ ᠴᠢᠨᠠᠷ ᠤᠨ ᠬᠠᠤᠯᠢ︾᠂ ︽ᠪᠠᠷᠢᠮᠵᠢᠶᠠᠵᠢᠭᠤᠯᠤᠯᠲᠠ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠭᠴᠢ ᠶᠢ ᠬᠤᠳᠠᠯ ᠬᠠᠭᠤᠷᠮᠠᠭ ᠴᠢᠨᠠᠷ ᠮᠠᠭᠤ ᠬᠢᠷᠢ ᠲᠡᠩᠴᠡᠭᠦ ᠦᠭᠡᠢ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠬᠤᠷᠢᠭᠯᠠᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠵᠤᠤᠬ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠲᠦᠮᠵᠢᠲᠡᠶ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃  ᠣᠲᠣ ᠪᠣᠯᠲᠠᠯ᠎ᠠ᠂ ᠰᠢᠲᠠᠮᠠᠬᠠᠢ ᠬᠡᠢ ᠶᠢᠨ ᠪᠠᠭᠠᠵᠢ ᠡᠵᠡᠩᠨᠡᠬᠦ 25 ᠨᠢᠭᠡᠴᠡ ᠶᠢ ᠪᠠᠶᠢᠴᠠᠭᠠᠵᠤ᠂ ᠡᠭᠦᠨ ᠳᠤ 2 ᠡᠷᠦᠬᠡ ᠳᠤ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠢᠷᠢ ᠬᠡᠮ ᠪᠦᠷᠢᠨ ᠪᠤᠰᠤ ᠪᠠᠶᠢᠬᠤ ᠠᠰᠠᠭᠤᠳᠠᠯ ᠣᠷᠣᠰᠢᠵᠤ᠂ ᠨᠢᠭᠡᠨᠲᠡ ᠵᠠᠷᠯᠢᠭ ᠪᠠᠭᠤᠯᠭᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠢᠲᠠᠮᠠᠬᠠᠢ ᠬᠡᠢ ᠶᠢᠨ ᠵᠤᠤᠬ᠎ᠠ ᠶᠢᠨ ᠦᠢᠯᠡᠳᠬᠦᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠴᠢᠨᠠᠷ ᠮᠠᠭᠤ᠂ ︽ᠭᠤᠷᠪᠠ ᠦᠭᠡᠢ︾ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ᠂ 3C ᠭᠡᠷᠡᠴᠢᠯᠡᠯ ᠣᠯᠣᠭᠰᠠᠨ ᠦᠭᠡᠢ ᠪᠠ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠵᠡᠷᠭᠡ ᠰᠢᠲᠠᠮᠠᠬᠠᠢ ᠬᠡᠢ ᠶᠢᠨ ᠵᠤᠤᠬ᠎ᠠ ᠶᠢᠨ ᠬᠠᠤᠯᠢ ᠠᠴᠠ ᠵᠥᠷᠢᠴᠡᠭᠰᠡᠨ  ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠬᠦᠨ ᠬᠤᠳᠠᠯᠳᠤᠨ ᠠᠪᠬᠤ ᠬᠠᠮᠢᠶ᠎ᠠ ᠪᠦᠬᠦᠢ ᠵᠦᠢᠯᠡᠰ ᠢ ᠴᠢᠩᠭᠠᠳᠬᠠᠨ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠥᠷᠭᠡᠨ ᠣᠯᠠᠨ ᠲᠦᠮᠡᠨ ᠤ ︽ᠠᠮᠤᠷ ᠲᠦᠪᠰᠢᠨ ᠤ ᠨᠡᠭᠡᠯᠡᠭᠡᠢ︾ ᠶᠢ ᠴᠢᠩᠭ᠎ᠠ ᠪᠠᠲᠤᠯᠠᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号