ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/22
 ︽ᠬᠤᠶᠠᠷ ᠢ ᠬᠦᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ  ᠳᠡᠭᠡᠭᠰᠢᠯᠡᠭᠦᠯᠦᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠥᠨ ᠵᠢᠯᠤᠭᠤᠳᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠶᠠᠨ ᠤ ᠳᠣᠲᠣᠷᠠᠬᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ ᠠᠩᠭᠢ ᠳᠤ ᠲᠤᠰᠬᠠᠢ ᠪᠠᠶᠢᠴᠠᠭᠠᠯᠲᠠ ᠬᠢᠪᠡ᠃  ᠲᠤᠰ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠭᠡᠷᠡᠴᠢ ᠦᠨᠡᠮᠯᠡᠯ ᠢ ᠬᠢᠨᠠᠨ ᠪᠠᠶᠢᠴᠠᠭᠠᠬᠤ᠂ ᠰᠦᠢᠳᠬᠡᠯ ᠬᠤᠷᠢᠶᠠᠬᠤ ᠬᠠᠮᠢᠶᠠᠷᠤᠯᠲᠠ᠂ ᠢᠯᠡ ᠨᠡᠶᠢᠲᠡᠯᠡᠬᠦ ᠮᠡᠳᠡᠭᠡ ᠵᠠᠩᠭᠢ᠂ ᠵᠠᠷ ᠤᠨ ᠤᠬᠠᠭᠤᠯᠭ᠎ᠠ᠂ ᠦᠢᠯᠡᠴᠢᠯᠡᠭᠡᠨ ᠤ ᠭᠡᠷ᠎ᠡ ᠵᠢᠴᠢ ᠰᠤᠷᠭᠠᠭᠤᠯᠢ ᠡᠷᠭᠢᠯᠡᠬᠦ ᠵᠥᠪᠰᠢᠶᠡᠷᠡᠯ ᠵᠡᠷᠭᠡ ᠪᠠᠶᠢᠳᠠᠯ ᠤᠨ ᠲᠣᠭᠤᠷᠢᠨ ᠳᠤ᠂ ᠦᠨᠡᠮᠯᠡᠯ ᠪᠠᠶᠢᠬᠤ ᠡᠰᠡᠬᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠨᠡᠶᠢᠲᠡᠯᠡᠭᠰᠡᠨ ᠡᠰᠡᠬᠦ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ᠂ ᠬᠤᠳᠠᠯ ᠬᠠᠭᠤᠷᠮᠠᠭ ᠢᠶᠠᠷ ᠤᠬᠠᠭᠤᠯᠤᠭᠰᠠᠨ ᠪᠠ ᠬᠢᠨᠠᠨ ᠲᠣᠭᠲᠠᠭᠠᠵᠤ ᠳᠠᠩᠰᠠᠯᠠᠭᠰᠠᠨ ᠵᠦᠢᠯᠡᠰ ᠵᠢᠴᠢ ᠡᠵᠡᠩᠨᠡᠯᠲᠡ ᠶᠢᠨ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠶᠣᠰᠣᠭᠠᠷ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠯ ᠥᠷᠨᠢᠭᠦᠯᠦᠭᠰᠡᠨ ᠦᠭᠡᠢ᠂ ᠭᠡᠷ᠎ᠡ ᠶᠢᠨ ᠬᠠᠮᠢᠶᠠᠷᠤᠯᠲᠠ ᠠᠴᠠ ᠵᠥᠷᠢᠴᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ  ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠲᠤᠬᠠᠢ ᠶᠢᠨ ᠭᠠᠵᠠᠷ ᠲᠤᠨᠢ  ᠪᠠᠶᠢᠴᠠᠭᠠᠪᠠ᠃ᠣᠲᠣ ᠪᠣᠯᠲᠠᠯ᠎ᠠ᠂ 16 ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ᠂ 38 ᠨᠠᠶᠢᠳᠠᠨ ᠬᠠᠮᠢᠶᠠᠷᠤᠭᠤᠯᠬᠤ ᠠᠩᠭᠢ ᠶᠢ ᠪᠠᠶᠢᠴᠠᠭᠠᠪᠠ᠃ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠣᠨᠴᠠ ᠵᠠᠷᠢᠮ ᠡᠵᠡᠩᠨᠡᠯᠲᠡ ᠶᠢᠨ ᠨᠢᠭᠡᠴᠡ ᠶᠢᠨ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠡᠵᠡᠩᠨᠡᠯᠲᠡ ᠶᠢᠨ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠯᠲᠡ ᠶᠢᠨ ᠠᠵᠢᠯᠯᠠᠭ᠎ᠠ ᠬᠢᠬᠦ ᠳᠡᠭᠡᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠᠯᠠᠯᠲᠠ ᠪᠠᠨ ᠬᠤᠪᠢᠷᠠᠭᠤᠯᠤᠭᠰᠠᠨ ᠦᠭᠡᠢ ᠵᠡᠷᠭᠡ ᠠᠵᠢᠯᠯᠠᠭ᠎ᠠ ᠳᠤ ᠴᠢᠭᠯᠡᠭᠦᠯᠦᠨ᠂ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ︾ 6 ᠬᠤᠪᠢ ᠪᠠᠭᠤᠯᠭᠠᠵᠤ᠂ ᠣᠯᠵᠤ ᠮᠡᠳᠡᠭᠰᠡᠨ ᠠᠰᠠᠭᠤᠳᠠᠯ ᠲᠠᠢ ᠲᠤᠬᠠᠢ ᠶᠢᠨ ᠲᠠᠯᠠᠪᠤᠷ ᠲᠤ ᠵᠢᠯᠣᠭᠤᠳᠤᠯᠭ᠎ᠠ ᠬᠢᠵᠦ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠱᠠᠭᠠᠷᠳᠠᠪᠠ᠃  ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠠᠯᠠᠭ᠎ᠠ ᠮᠥᠴᠢᠷ ᠤᠨ ᠬᠠᠮᠲᠤᠷᠠᠭᠰᠠᠨ ᠪᠠᠶᠢᠴᠠᠭᠠᠯᠲᠠ ᠶᠢᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠰᠢᠪᠠᠳᠠᠨ ᠲᠣᠭᠲᠠᠭᠠᠯ ᠳᠤ ᠨᠡᠶᠢᠴᠡᠬᠦ᠂ ᠬᠠᠤᠯᠢ ᠶᠣᠰᠣᠨ ᠤ ᠡᠵᠡᠩᠨᠡᠯᠲᠡ ᠶᠢ ᠪᠡᠶᠡᠯᠡᠭᠦᠯᠵᠦ᠂ ︽ᠬᠤᠶᠠᠷ ᠢ ᠬᠦᠩᠭᠡᠷᠡᠭᠦᠯᠬᠦ︾ ᠠᠵᠢᠯ ᠤᠨ ᠦᠢᠯᠡᠳᠦᠯᠭᠡ ᠳᠤ ᠦᠷ᠎ᠡ ᠪᠦᠲᠦᠮᠵᠢ ᠣᠯᠬᠤ ᠶᠢ ᠠᠬᠢᠭᠤᠯᠤᠨ᠂ ᠬᠥᠮᠦᠵᠢᠯ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠵᠡᠩᠨᠡᠯᠲᠡ ᠶᠢᠨ ᠡᠮᠬᠢ ᠵᠢᠷᠤᠮ ᠢ ᠦᠨᠡᠨ ᠬᠦ ᠰᠠᠶᠢᠲᠤᠷ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号