| | | ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2023 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | ᠲᠥᠯᠥᠭᠡᠯᠡᠭᠴᠢᠳ ᠠ᠋᠄ | ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ ᠳᠠᠭᠤᠰᠬᠤ ᠭᠡᠵᠦ | ᠪᠠᠶᠢᠨ᠎ᠠ᠃ ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠡᠴᠨᠶᠡᠭᠡ ᠬᠤᠷᠠᠯ ᠳᠤ ᠵᠠᠰᠠᠭ ᠤᠨ ᠣᠷᠳᠣᠨ ᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃ | ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠪᠠ᠃ ᠰᠠᠯᠬᠢ ᠳᠠᠪᠠᠯᠭᠠᠨ ᠶᠡᠬᠡᠲᠡᠢ ᠣᠯᠠᠨ | ᠤᠯᠤᠰ ᠤᠨ ᠣᠷᠴᠢᠨ ᠨᠥᠬᠦᠴᠡᠯ ᠪᠣᠯᠣᠨ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ | ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠢ ᠰᠡᠷᠭᠡᠶᠢᠯᠡᠵᠦ ᠴᠢᠳᠠᠬᠤ᠂ ᠠᠵᠤ ᠠᠬᠤᠢ ᠶᠢ ᠲᠣᠭᠲᠠᠭᠤᠨ | ᠪᠠᠶᠢᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ | ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ | ᠶᠠᠪᠤᠭᠳᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠭᠦ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠪᠠᠶᠢᠳᠠᠯ ᠢ ᠪᠠᠲᠤᠯᠠᠬᠤ ᠶᠢ ᠪᠡᠶᠡᠯᠡᠭᠦᠯᠦᠭᠡᠳ᠂ ᠮᠠᠨ ᠤ ᠤᠯᠤᠰ ᠤᠨ ᠬᠥᠭᠵᠢᠯᠲᠡ ᠲᠤᠶᠢᠯ ᠤᠨ ᠭᠢᠯᠪᠠᠷ ᠪᠤᠰᠤ | ᠰᠢᠨ᠎ᠡ ᠠᠮᠵᠢᠯᠲᠠ ᠪᠦᠲᠦᠮᠵᠢ ᠶᠢ ᠣᠯᠪᠠ᠃ | ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠢᠵᠢᠭ ᠤᠨ ᠪᠠᠶᠢᠳᠠᠯ ᠵᠡᠷᠭᠡ | ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠳᠠᠪᠬᠤᠷ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ | ᠳᠠᠭᠠᠷᠢᠯᠲᠠ ᠳᠤ ᠤᠴᠠᠷᠠᠪᠠ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ | ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ | ᠨᠢᠭᠡᠳᠦᠯᠲᠡᠢ ᠲᠥᠯᠥᠪᠯᠡᠵᠦ᠂ ᠸᠢᠷᠦ᠋ᠰ ᠤᠨ ᠬᠤᠪᠢᠷᠠᠯᠲᠠ ᠪᠣᠯᠣᠨ ᠬᠢᠵᠢᠭ ᠢ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ | ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠪᠠ᠃ ᠠᠵᠤ ᠠᠬᠤᠢ ᠶᠢᠨ | ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠡᠷᠡᠰ ᠰᠢᠭᠤᠷᠬᠠᠢ ᠪᠠᠷ ᠠᠷᠭᠠᠴᠠᠭᠠᠨ᠂ ᠴᠠᠭ ᠲᠤᠬᠠᠢ ᠳᠤᠨᠢ | ᠲᠣᠬᠢᠷᠠᠭᠤᠯᠤᠨ ᠡᠵᠡᠮᠳᠡᠵᠦ᠂ ᠣᠷᠴᠢᠮ ᠤᠨ ᠵᠢᠯ ᠳᠤ ᠨᠥᠭᠡᠴᠡᠯᠡᠭᠰᠡᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ | ᠨᠢᠭᠡᠨᠲᠡ ᠲᠣᠭᠲᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠵᠦ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠶᠢᠪᠢᠰᠢ ᠦᠭᠡᠢ ᠠᠬᠢᠭᠤᠯᠤᠨ᠂ ᠠᠵᠤ ᠠᠬᠤᠢ ᠶᠢ | ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠪᠣᠯᠣᠨ ᠵᠠᠯᠭᠠᠮᠵᠢ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ | ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠤᠨ᠂ ᠣᠷᠣᠨ ᠨᠤᠲᠤᠭ ᠤᠨ ᠬᠢᠨ ᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠪᠠᠨ | ᠴᠢᠩᠭᠠᠳᠬᠠᠵᠤ᠂ ᠡᠯ᠎ᠡ ᠭᠠᠵᠠᠷ ᠤᠨ ᠬᠢᠨ ᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠪᠡᠷᠲ᠋ᠡᠮᠵᠢᠨ᠂ | ᠠᠵᠤ ᠠᠬᠤᠢ ᠶᠢᠨ ᠲᠣᠮᠣ ᠮᠤᠵᠢ ᠶᠢᠨ ᠵᠣᠷᠢᠭᠲᠠᠢ ᠪᠠᠷ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠨᠡᠮᠡᠭᠳᠡᠯ ᠢ | ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠢ ᠲᠣᠪᠤᠶᠢᠯᠭᠠᠨ᠂ ᠠᠵᠤ ᠠᠬᠤᠢ ᠶᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠶᠢ ᠠᠬᠢᠭᠤᠯᠪᠠ᠃ ᠪᠦᠭᠦ | ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 3% ᠪᠠᠷ ᠨᠡᠮᠡᠭᠳᠡᠵᠦ᠂ ᠬᠤᠲᠠ | ᠪᠠᠯᠭᠠᠰᠤᠨ ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ ᠪᠠᠷ ᠨᠡᠮᠡᠭᠳᠡᠵᠦ᠂ ᠵᠢᠯ ᠤᠨ ᠡᠴᠦᠰ ᠤᠨ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.5% ᠪᠤᠯᠲᠠᠯ᠎ᠠ ᠪᠠᠭᠤᠷᠠᠵᠤ᠂ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ 2% ᠢᠶᠠᠷ ᠥᠰᠪᠡ᠃ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠢ ᠲᠤᠭ᠎ᠠ 7.7% ᠪᠠᠷ ᠨᠡᠮᠡᠭᠳᠡᠪᠡ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ 2. | 8% ᠪᠠᠷ ᠬᠢᠵᠠᠭᠠᠷᠯᠠᠵᠤ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠥᠰᠥᠪ ᠲᠤ ᠨᠡᠶᠢᠴᠡᠵᠦ᠂ ᠵᠠᠷᠤᠯᠭ᠎ᠠ | ᠵᠢᠭᠠᠬᠠᠨ ᠦᠯᠡᠳᠡᠪᠦᠷᠢ ᠲᠠᠢ ᠪᠣᠯᠪᠠ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠵᠤ᠂ | ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠪᠦᠭᠦ ᠪᠥᠮᠪᠥᠷᠴᠡᠭ ᠤᠨ ᠭᠤᠣᠯ ᠭᠤᠣᠯ ᠵᠣᠭᠤᠰᠤᠨ ᠤ ᠳᠣᠲᠣᠷ᠎ᠠ | ᠬᠠᠷᠢᠴᠠᠩᠭᠤᠢ ᠪᠠᠷ ᠲᠣᠭᠲᠠᠭᠤᠨ ᠪᠠᠶᠢᠨ᠎ᠠ᠃ ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ | ᠬᠦᠷᠴᠦ᠂ 74 ᠳ᠋ᠦᠩᠰᠢᠭᠤᠷ ᠵᠢᠩ ᠨᠡᠮᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ | ᠦᠷᠭᠦᠯᠵᠢᠯᠡᠨ ᠰᠠᠶᠢᠵᠢᠷᠠᠪᠠ᠃ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ | ᠲᠠᠯ᠎ᠠ ᠶᠢ ᠲᠣᠭᠲᠠᠪᠤᠷᠢᠵᠢᠭᠤᠯᠤᠨ᠂ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠦᠴᠡᠯ ᠳᠤ ᠪᠦᠭᠦ | ᠵᠢᠯ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠨ ᠤ ᠤᠯᠤᠰ ᠤᠨ | ᠠᠵᠤ ᠠᠬᠤᠢ ᠡᠷᠡᠰ ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠰᠢᠷᠦᠭᠦᠰᠦᠭᠰᠡᠨ ᠪᠠᠶᠢᠳᠠᠯ ᠳᠤ ᠴᠢᠭᠯᠡᠭᠦᠯᠦᠨ᠂ | ᠬᠦᠴᠢᠷᠳᠡᠯ ᠢ ᠨᠢ ᠰᠢᠢᠳᠪᠦᠷᠢᠯᠡᠨ ᠳᠡᠮᠵᠢᠭᠦ ᠡᠷᠴᠢᠮ ᠢᠶᠠᠨ ᠴᠢᠩᠭᠠᠷᠠᠭᠤᠯᠪᠠ᠃ ᠬᠢᠵᠢᠭ ᠤᠨ ᠪᠠᠶᠢᠳᠠᠯ ᠵᠡᠷᠭᠡ ᠬᠦᠴᠦᠨ | ᠵᠦᠢᠯ ᠤᠨ ᠳᠠᠭᠠᠷᠢᠯᠲᠠ ᠠᠴᠠ ᠪᠣᠯᠵᠤ᠂ ᠴᠥᠭᠡᠨ ᠪᠤᠰᠤ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠣᠨᠴᠠᠭᠠᠶ ᠬᠦᠴᠢᠷᠳᠡᠯ ᠳᠤ ᠲᠤᠯᠭᠠᠷᠠᠪᠠ᠃ ᠪᠦᠭᠦ ᠵᠢᠯ ᠳᠤ ᠦᠷᠳᠡᠭ ᠨᠡᠮᠡᠭᠳᠡᠯ ᠤᠨ ᠭᠠᠶᠢᠯᠢ ᠶᠢᠨ | ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠲᠤᠭ᠎ᠠ 2.4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ | ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠲᠤᠭ᠎ᠠ ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠭᠠᠶᠢᠯᠢ ᠰᠦᠢᠳᠬᠡᠯ ᠢ ᠬᠤᠶᠢᠰᠢᠯᠠᠭᠤᠯᠤᠭᠰᠠᠨ ᠲᠤᠭ᠎ᠠ 7500 ᠭᠠᠷᠤᠢ ᠳ᠋ᠦᠩᠰᠢᠭᠤᠷ | ᠲᠥᠭᠦᠷᠢᠭ ᠲᠤ ᠭᠦᠷᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠬᠦᠴᠦᠲᠡᠢ ᠳᠡᠮᠵᠢᠭᠦ ᠶᠢᠨ ᠲᠥᠯᠥᠭᠡ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ | ᠥᠭᠬᠦ ᠪᠠᠨ ᠶᠡᠭᠡ ᠪᠠᠷ ᠨᠡᠮᠡᠭᠳᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠨᠢ ᠨᠡᠮᠡᠭᠳᠡᠭᠦᠯᠦᠨ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ | ᠪᠠᠭᠤᠷᠠᠭᠤᠯᠵᠤ᠂ ᠰᠢᠨ᠎ᠡ ᠪᠠᠷ ᠲᠠᠯᠪᠢᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ | ᠨᠣᠷᠮ᠎ᠠ ᠶᠢ ᠪᠦᠷᠢᠳᠬᠡᠯ ᠲᠠᠢ ᠪᠣᠯᠤᠭᠰᠠᠨ ᠠᠴᠠ ᠨᠠᠭᠠᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠤᠨ | ᠂ ᠬᠢᠵᠢᠭ ᠲᠤ ᠬᠦᠨᠳᠦ ᠨᠣᠴᠢᠲᠠᠢ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠪᠠ ᠢᠳᠡᠭᠡᠨ ᠤᠮᠳᠠᠭᠠᠨ᠂ ᠵᠢᠭᠤᠯᠴᠢᠯᠠᠯ᠂ ᠪᠠᠷᠠᠭ᠎ᠠ ᠲᠡᠭᠡᠭᠡᠪᠦᠷᠢ ᠵᠡᠷᠭᠡ ᠳᠤ | ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ ᠲᠦᠯᠦᠭᠦ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠵᠦ᠂ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠬᠦᠦ ᠮᠥᠩᠭᠦ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ | ᠃ ᠥᠭᠡᠷᠡᠴᠢᠯᠡᠯᠲᠡ ᠶᠢᠨ ᠠᠷᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠡᠮᠵᠢᠶ᠎ᠡ ᠪᠠᠷ | ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠨᠡᠶᠢᠳᠡᠮ ᠳᠡᠭᠡᠨ ᠠᠰᠢᠭ ᠭᠦᠷᠲᠡᠪᠡ᠃ | ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠪᠠ᠃ ᠨᠢᠳᠤᠨᠤᠨ ᠡᠴᠦᠰ ᠤᠨ ᠬᠡᠷᠡᠭᠯᠡᠭᠡ ᠰᠢᠭᠤᠳ ᠳᠠᠭᠠᠷᠢᠯᠲᠠ ᠳᠤ ᠤᠴᠠᠷᠠᠵᠤ᠂ ᠪᠡᠯᠡ | ᠣᠷᠣᠭᠤᠯᠤᠯᠲᠠ ᠴᠤ ᠨᠥᠯᠥᠭᠡᠯᠡᠭᠳᠡᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠡᠰᠡᠭ ᠴᠢᠬᠤᠯᠠ | ᠶᠡᠭᠡ ᠢᠨᠵᠧᠨᠧᠷᠢᠩ ᠤᠨ ᠲᠥᠰᠥᠯ ᠢ ᠤᠷᠢᠳᠴᠢᠯᠠᠨ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠂ ᠲᠤᠰᠬᠠᠢ ᠵᠦᠢᠯ ᠤᠨ | ᠥᠭᠴᠡᠭᠡ ᠶᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠨ | ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ | ᠪᠠᠭᠠᠵᠢ ᠶᠢ ᠬᠤᠶᠠᠷ ᠬᠤᠭᠤᠴᠠᠭ᠎ᠠ ᠬᠤᠪᠢᠶᠠᠨ 7400 ᠳ᠋ᠦᠩᠰᠢᠭᠤᠷ ᠲᠥᠭᠦᠷᠢᠭ ᠲᠠᠯᠪᠢᠨ᠂ ᠴᠢᠬᠤᠯᠠ ᠶᠡᠭᠡ ᠲᠥᠰᠥᠯ ᠤᠨ | ᠪᠦᠲᠦᠭᠡᠨ ᠪᠠᠶᠢᠭᠤᠯᠤᠯᠲᠠ ᠳᠤ ᠬᠥᠷᠥᠩᠭᠡ ᠮᠥᠩᠭᠦ ᠨᠥᠬᠦᠪᠦᠷᠢᠯᠡᠪᠡ᠃ ᠲᠤᠰᠬᠠᠢ ᠵᠦᠢᠯ ᠤᠨ ᠳᠠᠭᠢᠨ ᠵᠢᠭᠡᠯᠡᠯᠭᠡ ᠥᠭᠬᠦ᠂ | ᠡᠳ᠋ ᠤᠨ ᠵᠠᠰᠠᠭ ᠠᠴᠠ ᠳᠡᠮ ᠬᠦᠦ ᠮᠥᠩᠭᠦ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠨ᠂ ᠭᠤᠣᠯᠳᠠᠯᠭ᠎ᠠ ᠲᠠᠢ | ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠳᠠᠮᠵᠢᠪᠡ᠃ ᠬᠠᠮᠲᠤᠷᠠᠨ ᠠᠵᠢᠯᠯᠠᠬᠤ᠂ ᠣᠷᠣᠨ | ᠨᠤᠲᠤᠭ ᠠᠴᠠ ᠠᠮᠠᠯᠠᠬᠤ ᠵᠡᠷᠭᠡ ᠠᠷᠭ᠎ᠠ ᠶᠢ ᠠᠪᠴᠤ᠂ ᠲᠥᠰᠥᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠪᠦᠭᠦ ᠵᠢᠯ ᠳᠤ ᠰᠠᠭᠤᠷᠢ ᠲᠥᠬᠦᠭᠡᠷᠦᠮᠵᠢ᠂ ᠦᠢᠯᠡᠳᠭᠦ ᠦᠢᠯᠡᠰ ᠤᠨ ᠪᠡᠯᠡ ᠣᠷᠣᠭᠤᠯᠤᠯᠲᠠ ᠲᠣᠰ | ᠲᠣᠰ 9.4%᠂ 9.1% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 5. | 1% ᠪᠠᠷ ᠨᠡᠮᠡᠭᠳᠡᠭᠦᠯᠵᠦ᠂ ᠬᠡᠷᠡᠭᠯᠡᠭᠡ ᠪᠠᠭᠠᠰᠤᠭᠰᠠᠨ ᠳᠤᠲᠠᠭᠤᠳᠠᠯ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡ᠃ | ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠬᠥᠭᠵᠢᠭᠦᠯᠵᠦ᠂ ᠲᠡᠷᠭᠡ ᠬᠥᠰᠬᠡ | ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠮᠠᠰᠢᠨ ᠲᠡᠷᠭᠡᠨ ᠤ ᠬᠡᠷᠡᠭᠯᠡᠭᠡ ᠶᠢ | ᠠᠬᠢᠭᠤᠯᠤᠨ᠂ ᠰᠢᠨ᠎ᠡ ᠡᠨᠧᠷᠭᠢ ᠶᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ 93. 4% ᠪᠠᠷ ᠨᠡᠮᠡᠭᠳᠡᠵᠦ᠂ | ᠨᠣᠭᠤᠭᠠᠨ ᠣᠶᠤᠨᠯᠢᠭ ᠭᠡᠷ ᠤᠨ ᠴᠠᠭᠢᠯᠭᠠᠨ ᠬᠡᠷᠡᠭᠰᠡᠯ᠂ ᠨᠣᠭᠤᠭᠠᠨ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ | ᠠᠵᠢᠯᠯᠠᠭ᠎ᠠ ᠶᠢ ᠥᠷᠨᠢᠭᠦᠯᠦᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ | ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠮᠥᠩᠭᠦᠨ ᠭᠦᠢᠯᠭᠡᠭᠡ ᠪᠠᠷ ᠳᠡᠮᠵᠢᠭᠦ ᠠᠷᠭ᠎ᠠ ᠬᠡᠮᠵᠢᠶ᠎ᠡ ᠶᠢ ᠨᠡᠶᠢᠲᠡᠯᠡᠨ᠂ | ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ | ᠂ ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ ᠶᠣᠰᠣᠭᠠᠷ ᠲᠤᠰᠢᠶᠠᠨ ᠥᠭᠴᠦ ᠠᠷᠠᠳ ᠤᠨ ᠠᠮᠢᠳᠤᠷᠠᠯ ᠢ | ᠲᠣᠭᠲᠠᠭᠤᠨ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ | ᠬᠠᠪᠰᠤᠷᠤᠨ ᠲᠦᠭᠦᠬᠡᠢ ᠮᠠᠲ᠋ᠧᠷᠢᠶᠠᠯ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠬᠦᠴᠢᠷ ᠠᠰᠠᠭᠤᠳᠠᠯ ᠢ | ᠨᠢ ᠰᠢᠢᠳᠪᠦᠷᠢᠯᠡᠨ ᠥᠭᠴᠦ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ | ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠂ ᠡᠳ᠋ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠳᠠᠭᠠᠳᠤ | ᠭᠠᠷᠭᠠᠯᠲᠠ ᠵᠢᠱᠢᠯᠲᠡ ᠠᠴᠠ ᠰᠠᠶᠢᠨ ᠪᠠᠶᠢᠵᠤ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠣᠭᠲᠠᠭᠤᠨ ᠢᠶᠠᠷ ᠨᠡᠮᠡᠭᠳᠡᠪᠡ᠃ | ᠠᠵᠢᠯ ᠣᠯᠭᠤᠯᠲᠠ ᠶᠢᠨ ᠳᠠᠷᠤᠯᠲᠠ ᠲᠣᠪᠣᠶᠢᠮ᠎ᠠ ᠪᠣᠯᠤᠭᠰᠠᠨ ᠪᠠᠶᠢᠳᠠᠯ ᠳᠤ ᠴᠢᠭᠯᠡᠭᠦᠯᠦᠨ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠪᠠ᠃ | ᠨᠢᠳᠤᠨᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠨᠢᠭᠡ ᠦᠶ᠎ᠡ ᠢᠯᠡᠳᠲᠡ ᠳᠡᠭᠡᠭᠰᠢᠯᠡᠪᠡ᠃ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠵᠡᠷᠭᠡ ᠲᠦᠷᠦ ᠶᠢᠨ ᠪᠣᠳᠣᠯᠭ᠎ᠠ ᠶᠢᠨ | ᠲᠠᠯ᠎ᠠ ᠪᠠᠷ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠴᠢᠬᠤᠯᠠᠴᠢᠯᠠᠪᠠ᠃ ᠬᠦᠴᠢᠷᠳᠡᠯ ᠲᠠᠢ ᠠᠵᠢᠯ | ᠲᠥᠷᠥᠯ ᠤᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠵᠤ | ᠪᠤᠯᠬᠤ ᠶᠢ ᠬᠡᠷᠡᠭᠵᠢᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠤᠴᠠᠭᠠᠯᠲᠠ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢ ᠨᠡᠮᠡᠭᠳᠡᠭᠦᠯᠪᠡ᠃ ᠲᠠᠭᠠᠭᠠᠯᠲᠠᠲᠤ ᠵᠢᠭᠡᠯᠡᠯᠭᠡ᠂ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠳᠠᠯ ᠦᠢᠯᠡᠰ ᠴᠣᠭᠴᠠᠯᠠᠬᠤ ᠶᠢ ᠳᠡᠮᠵᠢᠭᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ | ᠲᠣᠪᠣᠶᠢᠮ᠎ᠠ ᠰᠠᠶᠢᠲᠤᠷ ᠬᠢᠵᠦ᠂ ᠠᠵᠢᠯ ᠣᠯᠬᠤ ᠳᠤ ᠬᠦᠴᠢᠷᠲᠡᠢ ᠬᠥᠮᠥᠰ ᠢ ᠲᠤᠰᠬᠠᠢ ᠵᠦᠢᠯ ᠢᠶᠠᠷ ᠬᠠᠪᠰᠤᠷᠤᠨ | ᠲᠡᠳᠭᠦᠭᠦ ᠶᠢ ᠥᠷᠨᠢᠭᠦᠯᠪᠡ᠃ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ | ᠭᠦᠳᠡᠯᠮᠤᠷᠢ ᠬᠢᠬᠦ ᠬᠡᠪᠴᠢᠶ᠎ᠡ 3200 ᠲᠦᠮᠡᠨ ᠬᠥᠮᠥᠨ ᠢ ᠳᠠᠪᠠᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ᠃ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ ᠬᠡᠴᠡᠭᠦᠳᠡᠭᠰᠡᠨ ᠠᠴᠠ ᠪᠣᠯᠤᠭᠰᠠᠨ ᠨᠥᠯᠥᠭᠡ ᠳᠤ | ᠴᠢᠭᠯᠡᠭᠦᠯᠦᠨ᠂ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡ᠃ ᠨᠢᠳᠤᠨᠤᠨ ᠪᠦᠭᠦ ᠪᠥᠮᠪᠥᠷᠴᠡᠭ ᠤᠨ ᠵᠣᠭᠤᠰ | ᠮᠠᠭᠤᠳᠠᠬᠤ ᠶᠠᠪᠤᠳᠠᠯ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷᠴᠡ ᠳᠤ ᠬᠦᠷᠴᠦ᠂ ᠤᠯᠤᠰ ᠤᠨ ᠳᠣᠲᠣᠭᠠᠳᠤ ᠶᠢᠨ | ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠳᠤ ᠨᠡᠯᠢᠶᠡᠳ ᠶᠡᠭᠡ ᠳᠠᠷᠤᠯᠲᠠ ᠤᠴᠠᠷᠠᠭᠤᠯᠪᠠ᠃ ᠪᠢᠳᠡ ᠦᠶᠡᠷ ᠤᠰᠤᠲᠤᠯ | ᠂ ᠭᠠᠩ ᠬᠠᠭᠰᠠᠷᠠᠭᠠᠨ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠵᠤ᠂ ᠲᠠᠷᠢᠶᠠᠯᠠᠬᠤ | ᠴᠠᠭ ᠢ ᠰᠠᠭᠠᠲᠠᠭᠠᠯ ᠦᠭᠡᠢ ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠶᠢ ᠰᠢᠮᠳᠠᠭᠤᠯᠤᠨ ᠠᠳᠬᠤᠵᠤ᠂ ᠲᠠᠷᠢᠶᠠᠯᠠᠩ ᠤᠨ | ᠮᠠᠰᠢᠨ ᠤ ᠨᠡᠪᠲᠡᠷᠡᠯᠲᠡ ᠶᠢ ᠰᠢᠪᠠᠳᠠᠨ ᠵᠣᠬᠢᠴᠠᠭᠤᠯᠵᠤ᠂ ᠲᠠᠷᠢᠶᠠᠯᠠᠩ ᠤᠨ ᠶᠠᠪᠤᠳᠠᠯ ᠤᠨ ᠠᠵᠢᠯᠯᠠᠭᠠᠨ ᠤ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠣᠯᠭᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠪᠠ᠃ ᠨᠡᠭᠦᠷᠡᠰᠦᠨ ᠤ ᠭᠤᠣᠯ ᠴᠣᠭᠴᠠ | ᠡᠨᠧᠷᠭᠢ ᠶᠢᠨ ᠰᠤᠷᠪᠤᠯᠵᠢ ᠪᠤᠯᠬᠤ ᠦᠢᠯᠡᠳᠦᠯ ᠢ ᠪᠠᠳᠠᠷᠠᠭᠤᠯᠤᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠨᠡᠮᠡᠭᠳᠡᠭᠦᠯᠵᠦ᠂ ᠴᠠᠭᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠢ ᠳᠡᠮᠵᠢᠭᠦ ᠡᠷᠴᠢᠮ ᠢ | ᠴᠢᠩᠭᠠᠷᠠᠭᠤᠯᠤᠨ᠂ ᠡᠨᠧᠷᠭᠢ ᠶᠢᠨ ᠰᠤᠷᠪᠤᠯᠵᠢ ᠶᠢᠨ ᠬᠡᠪ ᠤᠨ ᠬᠠᠩᠭᠠᠯᠭ᠎ᠠ ᠶᠢ ᠪᠠᠲᠤᠯᠠᠪᠠ᠃ ᠪᠦᠭᠦ ᠪᠥᠮᠪᠥᠷᠴᠡᠭ ᠤᠨ | ᠵᠣᠭᠤᠰ ᠶᠡᠭᠡ ᠪᠠᠷ ᠮᠠᠭᠤᠳᠠᠭᠰᠠᠨ ᠠᠬᠤᠢ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ ᠦᠨ᠎ᠡ ᠨᠡᠯᠢᠶᠡᠳ ᠳᠣᠣᠷ᠎ᠠ | ᠲᠦᠪᠰᠢᠨ ᠢᠶᠠᠨ ᠪᠠᠲᠤᠯᠠᠵᠤ ᠴᠢᠳᠠᠭᠰᠠᠨ ᠨᠢ ᠨᠡᠩ ᠴᠦ ᠠᠮᠠᠷ ᠦᠭᠡᠢ ᠶᠠᠪᠤᠳᠠᠯ ᠶᠤᠮ᠃ | ᠬᠡᠰᠡᠭ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ᠂ ᠠᠷᠠᠳ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠱᠠᠲᠤ ᠦᠶᠡᠴᠢ ᠴᠢᠨᠠᠷᠲᠠᠢ ᠪᠠᠷ | ᠥᠷᠭᠡᠳᠬᠡᠵᠦ᠂ ᠨᠠᠩ ᠣᠯᠠᠨ ᠬᠦᠴᠢᠷᠳᠡᠯ ᠲᠠᠢ ᠬᠠᠮᠲᠤᠯᠢᠭ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠠᠵᠢᠯ | ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1000 ᠭᠠᠷᠤᠢ ᠲᠦᠮᠡᠨ ᠠᠵᠢᠯ ᠠᠯᠳᠠᠭᠰᠠᠨ ᠬᠥᠮᠥᠰ ᠲᠤ ᠠᠵᠢᠯ | ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠣᠯᠭᠤᠪᠠ᠃ ᠨᠠᠩ ᠣᠯᠠᠨ ᠣᠷᠣᠯᠭ᠎ᠠ ᠪᠠᠭᠠᠲᠠᠢ ᠣᠯᠠᠨ ᠲᠦᠮᠡᠨ ᠳᠤ ᠦᠨ᠎ᠡ | ᠬᠠᠩᠰᠢ ᠶᠢᠨ ᠨᠥᠬᠦᠪᠦᠷᠢ ᠣᠯᠭᠤᠵᠤ᠂ ᠪᠠᠷᠤᠭ 6700 ᠲᠦᠮᠡᠨ ᠬᠥᠮᠥᠨ ᠳᠤ ᠠᠰᠢᠭ ᠬᠦᠷᠲᠡᠭᠡᠪᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠠᠮᠢᠳᠤᠷᠠᠯ ᠨᠢ ᠬᠦᠴᠢᠷᠲᠡᠢ ᠰᠤᠷᠤᠬᠴᠢᠳ ᠤᠨ 2022 ᠣᠨ ᠤ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠦᠭᠰᠡᠨ ᠤ ᠬᠠᠮᠲᠤ ᠡᠬᠡ ᠮᠥᠩᠭᠦ ᠶᠢ ᠨᠢ ᠬᠤᠶᠢᠰᠢᠯᠠᠭᠤᠯᠤᠨ | ᠪᠤᠴᠠᠭᠠᠵᠤ ᠪᠤᠯᠬᠤ ᠶᠢ ᠵᠥᠪᠰᠢᠶᠡᠷᠡᠪᠡ᠃ ᠬᠢᠵᠢᠭ ᠪᠠ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠣᠯᠠᠨ | ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ | ᠱᠤᠭᠤᠮ ᠢ ᠦᠨᠡᠨ ᠬᠦ ᠪᠠᠲᠤ ᠰᠠᠬᠢᠪᠠ᠃ | ᠡᠭᠦᠨ ᠤ ᠬᠠᠮᠲᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠵᠥᠪᠰᠢᠶᠡᠷᠡᠭᠰᠡᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠪᠠ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠬᠡᠷᠡᠭᠯᠡᠭᠡ ᠶᠢᠨ | ᠬᠡᠷᠡᠭᠴᠡᠭᠡ᠂ ᠵᠠᠬ᠎ᠠ ᠳᠡᠯᠭᠡᠭᠦᠷ ᠤᠨ ᠭᠦᠢᠯᠭᠡᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠠᠵᠤ ᠠᠬᠤᠶᠢᠯᠠᠯ ᠤᠨ | ᠵᠢᠱᠢᠯᠲᠡ ᠵᠡᠷᠭᠡ ᠢᠯᠡᠳᠲᠡ ᠰᠠᠶᠢᠵᠢᠷᠠᠨ᠂ ᠠᠵᠤ ᠠᠬᠤᠢ ᠶᠢᠨ ᠨᠡᠮᠡᠭᠳᠡᠯ ᠶᠠᠭ ᠲᠣᠭᠲᠠᠪᠤᠷᠢᠵᠢᠨ ᠳᠡᠭᠡᠭᠰᠢᠯᠡᠵᠦ ᠪᠠᠶᠢᠭ᠎ᠠ | ᠪᠥᠭᠡᠳ ᠮᠠᠨ ᠤ ᠤᠯᠤᠰ ᠤᠨ ᠠᠵᠤ ᠠᠬᠤᠢ ᠳᠤ ᠯᠤᠲᠤ ᠶᠡᠭᠡ ᠳᠠᠯᠳᠠ ᠬᠦᠴᠦᠨ ᠪᠠ ᠬᠥᠭᠵᠢᠯᠲᠡ ᠶᠢᠨ ᠬᠥᠳᠡᠯᠭᠡᠭᠴᠢ | ᠬᠦᠴᠦᠨ ᠲᠠᠢ ᠪᠠᠶᠢᠨ᠎ᠠ ᠃ | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ᠂ ᠲᠤᠶᠢᠯ ᠤᠨ ᠡᠭᠡᠯ ᠪᠤᠰᠤ ᠶᠢᠨ ᠲᠠᠪᠤᠨ ᠵᠢᠯ ᠶᠤᠮ᠃ᠰᠢ | ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠢᠳᠡ ᠳᠡᠯᠡᠬᠡᠢ ᠶᠢᠨ ᠬᠤᠪᠢᠰᠤᠯᠲᠠ ᠶᠢᠨ ᠲᠦᠷᠭᠡᠰᠦᠭᠰᠡᠨ ᠤᠯᠠᠷᠢᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠵᠡᠷᠭᠡ ᠤᠯᠠᠨ ᠳᠠᠪᠬᠤᠷ | ᠰᠢᠯᠭᠠᠯᠲᠠ ᠶᠢ ᠳᠠᠭᠠᠭᠠᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠬᠤᠭᠤᠴᠠᠭ᠎ᠠ | ᠶᠣᠰᠣᠭᠠᠷ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ | ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠥᠷᠪᠡᠨ ᠢᠲᠡᠭᠡᠯ︾ ᠵᠢᠡᠨᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠪᠠ᠃ | — ᠠᠵᠤ ᠠᠬᠤᠢ ᠶᠢᠨ ᠬᠥᠭᠵᠢᠯᠲᠡ ᠲᠠᠭᠢᠨ ᠰᠢᠨ᠎ᠡ ᠳᠡᠭᠲᠡᠷ ᠲᠤ ᠭᠠᠷᠪᠠ᠃ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠥᠷᠲᠡᠭ 121 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠲᠠᠪᠤᠨ ᠵᠢᠯ ᠳᠤ ᠵᠢᠯ | ᠳᠤᠮᠳᠠᠴᠢ ᠪᠠᠷ 5.2% ᠢᠶᠠᠷ ᠨᠡᠮᠡᠭᠳᠡᠵᠦ᠂ ᠠᠷᠪᠠᠨ ᠵᠢᠯ ᠳᠤ 70 ᠲᠦᠮᠡᠨ ᠳ᠋ᠦᠩᠰᠢᠭᠤᠷ ᠲᠥᠭᠦᠷᠢᠭ ᠰᠢᠬᠠᠮ ᠨᠡᠮᠡᠭᠳᠡᠨ᠂ | ᠵᠢᠯ ᠳᠤᠮᠳᠠᠴᠢ ᠪᠠᠷ 6.2% ᠢᠶᠠᠷ ᠨᠡᠮᠡᠭᠳᠡᠵᠦ᠂ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷ᠎ᠡ ᠳᠤᠮᠳᠠ ᠳᠡᠭᠡᠳᠦ | ᠬᠤᠷᠳᠤᠴᠠ ᠪᠠᠷ ᠨᠡᠮᠡᠭᠳᠡᠭᠡᠳ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠪᠰᠢᠪᠠ᠃ ᠡᠳ᠋ ᠤᠨ ᠵᠠᠰᠠᠭ ᠤᠨ ᠣᠷᠣᠯᠭ᠎ᠠ 20.4 | ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠤᠨᠠᠯᠲᠠ ᠵᠢᠯ ᠳᠠᠷᠠᠭᠠᠯᠠᠨ 1.3 ᠲᠦᠮᠡᠨ | ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 40 ᠲᠦᠮᠡᠨ | ᠳ᠋ᠦᠩᠰᠢᠭᠤᠷ ᠲᠥᠭᠦᠷᠢᠭ ᠢ ᠳᠠᠪᠠᠪᠠ᠃ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠵᠢᠯ ᠳᠤᠮᠳᠠᠴᠢ ᠪᠠᠷ | 1270 ᠭᠠᠷᠤᠢ ᠲᠦᠮᠡ ᠰᠢᠨ᠎ᠡ ᠪᠠᠷ ᠨᠡᠮᠡᠭᠳᠡᠪᠡ᠃ ᠭᠠᠳᠠᠭᠠᠳᠤ ᠭᠤᠪᠢᠭᠤᠯᠭ᠎ᠠ ᠶᠢᠨ ᠨᠥᠭᠡᠴᠡ 3 ᠲᠦᠮᠡᠨ ᠳ᠋ᠦᠩᠰᠢᠭᠤᠷ | ᠳ᠋ᠣᠯᠯᠠᠷ ᠠᠴᠠ ᠳᠡᠭᠡᠭᠰᠢ ᠳᠤ ᠲᠣᠭᠲᠠᠪᠤᠷᠢᠵᠢᠪᠠ᠃ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ | ᠳᠡᠭᠡᠭᠰᠢᠯᠡᠪᠡ᠃ | — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠢᠯᠠᠯᠲᠠ ᠲᠠᠢ ᠪᠠᠷ | ᠪᠡᠶᠡᠯᠡᠭᠦᠯᠪᠡ᠃ ᠨᠠᠢᠮᠠᠨ ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠬᠥᠳᠡᠭᠡ ᠲᠣᠰᠬᠤᠨ ᠤ ᠳ᠋ᠦᠩᠰᠢᠭᠤᠷ ᠰᠢᠬᠠᠮ | ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠪᠦᠭᠦ ᠤᠯᠤᠰ ᠤᠨ 832 ᠶᠠᠳᠠᠭᠤ | ᠬᠦᠴᠢᠷᠳᠡᠯ ᠲᠠᠢ ᠰᠢᠶᠠᠨ ᠢ ᠴᠥᠮ ᠶᠠᠳᠠᠭᠤ ᠡᠴᠨᠠᠩᠭᠢᠵᠢᠷᠠᠭᠤᠯᠤᠨ᠂ 960 ᠭᠠᠷᠤᠢ ᠲᠦᠮᠡᠨ ᠶᠠᠳᠠᠭᠤ ᠬᠦᠴᠢᠷᠳᠡᠯ ᠲᠠᠢ | ᠬᠥᠮᠥᠨ ᠠᠮᠠ ᠶᠢ ᠣᠨᠳᠣᠣ ᠭᠠᠵᠠᠷ ᠨᠡᠭᠦᠯᠭᠡᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠪᠠᠶᠢᠭᠰᠠᠨ ᠠᠰᠠᠭᠤᠳᠠᠯ ᠢ | ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ | ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠠᠶᠢᠭᠤᠯᠤᠨ᠂ ᠤᠯᠤᠰ ᠤᠨ ᠲᠤᠷᠰᠢᠯᠲᠠ ᠶᠢᠨ ᠲᠠᠰᠤᠭ ᠢ | ᠵᠣᠬᠢᠶᠠᠨ ᠪᠠᠶᠢᠭᠤᠯᠵᠤ᠂ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠠᠭᠢᠨ ᠵᠣᠬᠢᠶᠠᠨ | ᠪᠠᠶᠢᠭᠤᠯᠬᠤ ᠠᠵᠢᠯ ᠢ ᠪᠦᠯᠦᠭ ᠬᠤᠪᠢᠶᠠᠨ ᠠᠬᠢᠭᠤᠯᠪᠠ᠃ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ | ᠂ ᠰᠠᠷᠠᠨ ᠪᠥᠮᠪᠥᠷᠴᠡᠭ ᠭᠠᠯ ᠭᠠᠷᠠᠭ ᠢ ᠬᠠᠶᠢᠨ ᠰᠢᠨᠵᠢᠯᠡᠬᠦ᠂ ᠭᠦᠨ ᠳᠠᠯᠠᠢ ᠭᠦᠨ ᠭᠠᠵᠠᠷ ᠢ ᠬᠠᠶᠢᠨ ᠭᠡᠮᠵᠢᠭᠦ᠂ ᠭᠡᠳᠦ | ᠺᠤᠮᠫᠢᠦ᠋ᠲ᠋ᠧᠷ᠂ ᠳᠠᠭᠠᠭᠤᠯᠢ ᠤᠳᠤ ᠪᠠᠷ ᠠᠶᠠᠯᠠᠯ ᠵᠠᠮᠴᠢᠯᠠᠬᠤ᠂ ᠺᠸᠠᠨ᠋ᠲ ᠤᠨ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ | ᠮᠡᠷᠭᠡᠵᠢᠯ᠂ ᠲᠣᠮᠣ ᠨᠢᠰᠬᠡᠯ ᠦᠢᠯᠡᠳᠭᠦ᠂ ᠵᠣᠬᠢᠶᠠᠮᠠᠯ ᠣᠶᠤᠨᠯᠢᠭ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠢᠯᠡᠷᠡᠨ ᠭᠠᠷᠪᠠ᠃ ᠪᠦᠭᠦ ᠨᠡᠶᠢᠭᠡᠮ ᠤᠨ | ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2.1% ᠪᠠᠶᠢᠭᠰᠠᠨ ᠠᠴᠠ ᠪᠠᠨ 2.5% ᠠᠴᠠ | ᠳᠡᠭᠡᠭᠰᠢ ᠪᠣᠯᠵᠤ ᠳᠡᠭᠡᠭᠰᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ | 60% ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨ᠎ᠡ ᠡᠭᠦᠳᠦᠯᠲᠡ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ | ᠲᠠᠰᠤᠷᠠᠯᠳᠠ ᠦᠭᠡᠢ ᠴᠢᠩᠭᠠᠷᠠᠪᠠ᠃ | — ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠳᠡᠭᠡᠳᠦ ᠮᠡᠷᠭᠡᠵᠢᠯ ᠤᠨ | ᠦᠢᠯᠡᠳᠭᠦ ᠦᠢᠯᠡᠰ᠂ ᠲᠣᠨᠤᠭ ᠲᠥᠬᠦᠭᠡᠷᠦᠮᠵᠢ ᠦᠢᠯᠡᠳᠭᠦ ᠦᠢᠯᠡᠰ ᠤᠨ ᠨᠡᠮᠡᠭᠳᠡᠯ ᠥᠷᠲᠡᠭ ᠵᠢᠯ ᠳᠤᠮᠳᠠᠴᠢ ᠪᠠᠷ ᠳᠤᠰ | ᠳᠤᠰ 10.6%᠂ 7.9% ᠪᠠᠷ ᠨᠡᠮᠡᠭᠳᠡᠵᠦ᠂ ᠳ᠋ᠢᠵᠢᠲ᠋ᠠᠯ ᠠᠵᠤ ᠠᠬᠤᠢ ᠳᠠᠰᠤᠷᠠᠯᠳᠠ ᠦᠭᠡᠢ ᠪᠤᠵᠠᠭᠠᠶᠢᠷᠠᠵᠤ᠂ ᠰᠢᠨ᠎ᠡ | ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠨᠡᠮᠡᠭᠳᠡᠯ ᠥᠷᠲᠡᠭ ᠤᠨ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠲᠤ ᠡᠵᠡᠯᠡᠭᠦ ᠬᠤᠪᠢ ᠶᠢᠨ ᠵᠢᠩ 17% ᠡᠴᠨᠲ᠋ᠡᠭᠡᠭᠰᠢ ᠳᠤ | ᠭᠦᠷᠪᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ 60.2% ᠪᠠᠶᠢᠭᠰᠠᠨ ᠠᠴᠠ ᠪᠠᠨ 65.2% ᠪᠣᠯᠵᠤ ᠳᠡᠭᠡᠭᠰᠢᠯᠡᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ ᠪᠣᠶᠢᠵᠢᠭᠤᠯᠪᠠ᠃ | — ᠰᠠᠭᠤᠷᠢ ᠲᠥᠬᠦᠭᠡᠷᠦᠮᠵᠢ ᠶᠢ ᠨᠠᠩ ᠢᠯᠡᠭᠦᠦ ᠲᠡᠭᠦᠯᠳᠡᠷᠵᠢᠭᠦᠯᠪᠡ᠃ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ᠂ ᠤᠰᠤ ᠲᠠᠲᠠᠵᠤ ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳᠡᠭᠡᠳᠦ ᠬᠤᠷᠳᠤᠴᠠᠲᠤ ᠲᠡᠮᠦᠷ | ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠤᠷᠳᠤ 2.5 ᠲᠦᠮᠡᠨ ᠺᠢᠯᠣᠮᠧᠲᠷ ᠪᠠᠶᠢᠭᠰᠠᠨ ᠠᠴᠠ ᠪᠠᠨ 4.2 ᠲᠦᠮᠡᠨ | ᠺᠢᠯᠣᠮᠧᠲᠷ ᠪᠣᠯᠵᠤ ᠨᠡᠮᠡᠭᠳᠡᠨ᠂ ᠲᠦᠷᠭᠡᠨ ᠳᠠᠪᠬᠢᠬᠤ ᠵᠠᠰᠠᠮᠠᠯ ᠵᠠᠮ ᠤᠨ ᠤᠷᠳᠤ ᠶᠢᠨ ᠬᠡᠮᠵᠢᠶ᠎ᠡ 13.6 ᠲᠦᠮᠡᠨ ᠺᠢᠯᠣᠮᠧᠲᠷ | ᠪᠠᠶᠢᠭᠰᠠᠨ ᠠᠴᠠ ᠪᠠᠨ 17.7 ᠲᠦᠮᠡᠨ ᠺᠢᠯᠣᠮᠧᠲᠷ ᠪᠣᠯᠵᠤ ᠨᠡᠮᠡᠭᠳᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 125 | ᠲᠦᠮᠡᠨ ᠺᠢᠯᠣᠮᠧᠲᠷ ᠰᠢᠨ᠎ᠡ ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ᠃ ᠨᠢᠰᠬᠡᠯ ᠤᠨ ᠪᠠᠭᠤᠳᠠᠯ ᠤᠨ ᠪᠠᠭᠲᠠᠭᠠᠮᠵᠢ ᠶᠢ | 4 ᠳ᠋ᠦᠩᠰᠢᠭᠤᠷ ᠬᠥᠮᠥᠨ ᠤᠳᠠᠭ᠎ᠠ ᠰᠢᠨ᠎ᠡ ᠪᠠᠷ ᠨᠡᠮᠡᠭᠳᠡᠭᠦᠯᠪᠡ᠃ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠶᠢ 40% ᠠᠴᠠ ᠳᠡᠭᠡᠭᠰᠢ ᠨᠡᠮᠡᠭᠳᠡᠭᠦᠯᠪᠡ᠃ ᠪᠤᠢ ᠪᠦᠬᠦᠢ ᠲᠤᠰᠬᠠᠢ ᠣᠷᠣᠨ ᠤ ᠲᠡᠰ ᠤᠨ ᠬᠤᠲᠠ ᠳᠤ | ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠡ ᠶᠢ ᠪᠦᠷᠬᠦᠭᠦᠯᠵᠦ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠥᠷᠭᠡᠨ | ᠪᠦᠰᠡᠲᠦ ᠰᠦᠯᠵᠢᠶ᠎ᠡ ᠶᠢ ᠨᠡᠪᠲᠡᠷᠡᠭᠦᠯᠪᠡ᠃ | — ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠥᠭᠡᠷᠡᠴᠢᠯᠡᠯᠲᠡ ᠨᠡᠭᠡᠭᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠦᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠦᠨ᠂ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ | ᠰᠠᠶᠢᠵᠢᠷᠠᠭᠤᠯᠪᠠ᠃ ︽ᠨᠢᠭᠡ ᠪᠦᠰᠡ ᠨᠢᠭᠡ ᠵᠠᠮ︾ᠢᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ | ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︵RCEP︶ ᠢ | ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠤᠨ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠴᠢᠯᠦᠭᠡᠲᠦ | ᠠᠷᠠᠯᠵᠢᠶᠠᠨ ᠤ ᠣᠷᠣᠨ ᠢ ᠪᠠᠶᠢᠭᠤᠯᠪᠠ᠃ ᠡᠳ᠋ ᠪᠠᠷᠠᠭ᠎ᠠ ᠶᠢ ᠭᠠᠳᠠᠭᠠᠳᠤ ᠡᠴᠨᠣᠷᠣᠭᠤᠯᠵᠤ ᠭᠠᠳᠠᠭᠠᠳᠤ ᠳᠤ ᠭᠠᠷᠭᠠᠭᠰᠠᠨ | ᠪᠦᠭᠦ ᠲᠤᠭ᠎ᠠ ᠵᠢᠯ ᠳᠤᠮᠳᠠᠴᠢ ᠪᠠᠷ 8.6% ᠪᠠᠷ ᠨᠡᠮᠡᠭᠳᠡᠨ᠂ 40 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ | ᠪᠥᠭᠡᠳ ᠤᠯᠠᠨ ᠵᠢᠯ ᠳᠠᠷᠠᠭᠠᠯᠠᠨ ᠳᠡᠯᠡᠬᠡᠢ ᠶᠢᠨ ᠲᠡᠷᠢᠭᠦᠨ ᠪᠠᠶᠢᠷᠢᠨ ᠳᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ | ᠭᠠᠳᠠᠭᠠᠳᠤ ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠪᠠ᠃ | — ᠠᠮᠢ ᠠᠬᠤᠢ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠨᠢᠭᠡᠴᠢ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ 8.1% ᠪᠠᠷ ᠪᠠᠭᠤᠷᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ 14.1% ᠪᠠᠷ ᠪᠠᠭᠤᠷᠠᠪᠠ᠃ ᠲᠤᠰᠬᠠᠢ | ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨᠲ᠋ᠤᠮᠳᠠᠴᠢ | ᠥᠳᠬᠡᠴᠡ 27.5% ᠪᠠᠷ ᠪᠠᠭᠤᠷᠠᠨ᠂ ᠬᠦᠨᠳᠦ ᠪᠣᠬᠢᠷᠳᠤᠯ ᠲᠠᠢ ᠡᠳᠦᠷ ᠤᠨ ᠲᠤᠭ᠎ᠠ ᠲᠠᠪᠤᠨ ᠬᠤᠪᠢ ᠡᠴᠨᠲ᠋ᠡᠭᠡᠭᠰᠢ | ᠪᠠᠭᠠᠰᠴᠤ᠂ ᠪᠦᠭᠦ ᠤᠯᠤᠰ ᠤᠨ ᠭᠠᠵᠠᠷ ᠤᠨ ᠭᠠᠳᠠᠷᠭᠤ ᠶᠢᠨ ᠤᠰᠤᠨ ᠤ ᠰᠢᠯᠢᠳᠡᠭ ᠰᠠᠶᠢᠨ ᠤᠰᠤᠨ ᠴᠣᠭᠴᠠ ᠶᠢᠨ | ᠬᠠᠷᠢᠴᠠᠯ 67.9% ᠪᠠᠶᠢᠭᠰᠠᠨ ᠠᠴᠠ ᠪᠠᠨ 87.9% ᠪᠣᠯᠵᠤ ᠳᠡᠭᠡᠭᠰᠢᠯᠡᠪᠡ᠃ ᠲᠦᠷᠦᠭᠦᠦ ᠪᠦᠯᠦᠭ ᠤᠯᠤᠰ ᠤᠨ | ᠴᠡᠴᠡᠷᠯᠢᠭ ᠢ 5 ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 9000 | ᠭᠠᠷᠤᠢ ᠪᠠᠶᠢᠭᠤᠯᠪᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ | ᠠᠯᠬᠤᠮ ᠢ ᠠᠯᠬᠤᠪᠠ᠃ | — ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠪᠦᠭᠦ | ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ ᠪᠠᠷ 5.1% | ᠪᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠵᠢᠯ ᠳᠤᠮᠳᠠᠴᠢ ᠪᠠᠷ 2.1% ᠪᠠᠷ ᠥᠰᠪᠡ᠃ | ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠶᠢᠨ ᠬᠦᠴᠦᠨ ᠤ ᠰᠤᠷᠭᠠᠨ ᠬᠥᠮᠦᠵᠢᠯ ᠭᠦᠷᠲᠡᠭᠦ ᠳᠤᠮᠳᠠᠴᠢ ᠵᠢᠯ ᠬᠤᠭᠤᠴᠠᠭ᠎ᠠ 13. | 5 ᠵᠢᠯ ᠪᠠᠶᠢᠭᠰᠠᠨ ᠠᠴᠠ ᠪᠠᠨ 14 ᠵᠢᠯ ᠪᠣᠯᠵᠤ ᠳᠡᠭᠡᠭᠰᠢᠯᠡᠪᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1.4 ᠳ᠋ᠦᠩᠰᠢᠭᠤᠷ ᠨᠡᠮᠡᠭᠳᠡᠨ᠂ 10.5 ᠳ᠋ᠦᠩᠰᠢᠭᠤᠷ ᠬᠥᠮᠥᠨ ᠢ | ᠬᠠᠮᠤᠷᠴᠤ᠂ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠣᠯᠠᠨ ᠵᠢᠯ ᠳᠤ | ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠨᠡᠶᠢᠲᠡ 4200 ᠭᠠᠷᠤᠢ ᠲᠦᠮᠡᠨ ᠢᠵᠢ ᠣᠷᠣᠨ | ᠰᠠᠭᠤᠴᠠ ᠶᠢ ᠥᠭᠡᠷᠡᠴᠢᠯᠡᠨ ᠵᠠᠰᠠᠵᠤ᠂ ᠳ᠋ᠦᠩᠰᠢᠭᠤᠷ ᠭᠠᠷᠤᠢ ᠬᠥᠮᠥᠨ ᠳᠥᠭᠦᠮ ᠪᠦᠲᠦᠴᠡᠲᠦ ᠣᠷᠣᠨ ᠰᠠᠭᠤᠴᠠ ᠠᠴᠠ | ᠪᠠᠨ ᠠᠰᠠᠷ ᠲᠤ ᠨᠡᠭᠦᠵᠦ ᠣᠷᠣᠭᠠᠳ ᠠᠮᠤᠭᠤᠯᠠᠩ ᠰᠠᠭᠤᠴᠠ ᠲᠠᠢ ᠪᠣᠯᠪᠠ᠃ | ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ ᠪᠠᠷ ᠳᠠᠮᠵᠢᠭᠠᠳ᠂ ᠠᠷᠪᠢᠴᠢ ᠭᠠᠮᠲᠠᠢ᠂ ᠠᠮᠤᠷ ᠲᠦᠪᠰᠢᠨ᠂ | ᠭᠠᠶᠢᠬᠠᠯᠲᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ | ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠨ᠂ | ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ ᠢ ᠠᠬᠢᠭᠤᠯᠬᠤ᠂ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ ᠨᠥᠬᠦᠷᠯᠡᠯ ᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠶᠢᠨ ᠲᠤᠷᠰᠢ᠂ᠰᠢ | ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠡᠮᠨᠡᠯᠭᠡ ᠶᠢᠨ ᠡᠬᠢ ᠪᠠᠶᠠᠯᠢᠭ ᠪᠠ ᠡᠳ᠋ ᠪᠣᠳᠠᠰ ᠤᠨ ᠪᠠᠲᠤᠯᠠᠭ᠎ᠠ ᠶᠢ | ᠴᠢᠩᠭᠠᠳᠬᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠪᠦᠭᠦ ᠬᠦᠴᠦᠨ ᠢᠶᠠᠷ ᠢᠶᠠᠨ ᠠᠪᠤᠷᠠᠨ | ᠵᠠᠰᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ | ᠬᠠᠮᠠᠭᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠭᠦ ᠤᠯᠤᠰ ᠤᠨ ᠠᠷᠠᠳ ᠲᠦᠮᠡᠨ ᠰᠢᠨᠲᠠᠷᠠᠰᠢ ᠦᠭᠡᠢ ᠴᠢᠷᠮᠠᠶᠢᠵᠤ᠂ | ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠶᠢ ᠣᠯᠪᠠ᠃ ᠬᠢᠵᠢᠭ ᠢ ᠡᠰᠡᠷᠭᠦᠴᠡᠬᠦ ᠲᠤᠶᠢᠯ ᠤᠨ ᠶᠡᠷᠦ | ᠪᠤᠰᠤ ᠶᠢᠨ ᠥᠩᠭᠡᠷᠡᠯᠲᠡ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠭᠡ ᠬᠡᠮᠵᠢᠶᠡᠨ ᠤ ᠠᠵᠢᠯ | ᠬᠢᠵᠦ᠂ ᠡᠯ᠎ᠡ ᠠᠵᠢᠯ ᠲᠥᠷᠥᠯ ᠤᠨ ᠬᠢᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠥᠷᠭᠡᠨ ᠣᠯᠠᠨ ᠡᠮᠨᠡᠯᠭᠡ ᠶᠢᠨ | ᠠᠵᠢᠯᠲᠠᠨ ᠬᠦᠴᠢᠷ ᠪᠡᠷᠬᠡ ᠠᠴᠠ ᠦᠯᠦ ᠰᠦᠷᠳᠡᠨ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤᠯᠠᠨ ᠳᠠᠪᠬᠤᠷ | ᠪᠡᠷᠬᠡᠰᠢᠶᠡᠯ ᠢ ᠢᠯᠡᠨ ᠳᠠᠪᠠᠵᠤ᠂ ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ ᠨᠢ ᠴᠥᠮ ᠲᠤᠶᠢᠯ ᠤᠨ | ᠭᠢᠯᠪᠡᠷ ᠪᠤᠰᠤ ᠶᠠᠪᠤᠳᠠᠯ ᠶᠤᠮ᠂ ᠤᠯᠡᠨ ᠢᠶᠠᠷ ᠢᠶᠠᠨ ᠬᠢᠵᠢᠭ ᠤᠨ ᠬᠦᠨᠳᠦ ᠶᠡᠭᠡ ᠰᠢᠯᠭᠠᠯᠲᠠ ᠶᠢ ᠬᠠᠮᠲᠤ ᠪᠠᠷ ᠡᠰᠡᠷᠭᠦᠴᠡᠨ | ᠬᠤᠷᠢᠭᠯᠠᠵᠤ᠂ ᠬᠠᠷᠠᠬᠠᠨ ᠳᠠᠭᠤᠰᠤᠭᠠᠳᠤᠢ ᠬᠢᠵᠢᠭ ᠤᠨ ᠡᠮᠦᠨ᠎ᠡ᠂ ᠮᠥᠨ ᠯᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠭᠡᠳ ᠣᠯᠣᠭᠰᠠᠨ ᠦᠷ᠎ᠡ ᠪᠦᠲᠦᠭᠡᠯ ᠢ ᠲᠠᠰᠤᠷᠠᠯᠲᠠ | ᠦᠭᠡᠢ ᠪᠠᠬᠢᠵᠢᠭᠦᠯᠵᠦ ᠪᠠᠶᠢᠨ᠎ᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯᠳᠠᠭᠤ ᠳᠣᠣᠷᠠᠬᠢ | ᠠᠵᠢᠯ ᠤᠳ ᠢ ᠬᠢᠪᠡ᠃ | ︵ᠨᠢᠭᠡ︶ ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠴᠦ᠂ ᠠᠵᠤ ᠠᠬᠤᠢ ᠶᠢᠨ ᠠᠵᠢᠯᠯᠠᠭᠠᠨ ᠢ ᠵᠦᠢ | ᠵᠣᠬᠢᠰᠲᠠᠢ ᠬᠡᠪᠴᠢᠶᠡᠨ ᠳᠤ ᠪᠠᠶᠢᠯᠭᠠᠪᠠ᠃ ᠠᠷᠠᠯᠵᠢᠶᠠᠨ ᠤ ᠬᠠᠮᠠᠭᠠᠯᠠᠬᠤ ᠦᠵᠡᠯ ᠲᠣᠯᠣᠭᠠᠢ ᠥᠨᠳᠡᠶᠢᠭᠰᠡᠨ᠂ ᠬᠢᠵᠢᠭ ᠤᠨ | ᠳᠠᠭᠠᠷᠢᠯᠲᠠ ᠢᠷᠡᠭᠰᠡᠨ ᠵᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭᠰᠠᠨ ᠬᠠᠲᠠᠭᠤ ᠴᠢᠩᠭ᠎ᠠ ᠰᠢᠯᠭᠠᠯᠲᠠ ᠶᠢᠨ | ᠡᠮᠦᠨ᠎ᠡ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠳᠤ | ᠬᠡᠲᠦᠷᠬᠡᠢ ᠲᠦᠰᠢᠭᠯᠡᠬᠦ ᠦᠭᠡᠢ ᠪᠠᠶᠢᠵᠤ᠂ ᠡᠳ᠋ ᠤᠨ ᠵᠠᠰᠠᠭ ᠤᠨ ᠪᠠ ᠵᠣᠭᠤᠰᠤᠨ ᠤ ᠵᠡᠷᠭᠡ ᠲᠦᠷᠦ ᠶᠢᠨ ᠪᠣᠳᠣᠯᠭ᠎ᠠ ᠶᠢ | ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠨᠢ ᠨᠡᠮᠡᠭᠳᠡᠭᠦᠯᠦᠨ᠂ ᠵᠠᠬ᠎ᠠ | ᠳᠡᠯᠭᠡᠭᠦᠷ ᠤᠨ ᠬᠤᠪᠢᠷᠠᠯᠲᠠ ᠳᠤ ᠰᠢᠭᠤᠳ ᠬᠠᠨᠳᠤᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢᠶᠠᠨ | ᠰᠢᠢᠳᠪᠦᠷᠢᠯᠡᠨ ᠭᠦᠭᠵᠢᠭᠦ ᠶᠢ ᠭᠤᠣᠯᠳᠠᠯᠭ᠎ᠠ ᠲᠠᠢ ᠲᠡᠮᠵᠢᠭᠦ ᠶᠢᠨ ᠤᠯᠠᠮ ᠠᠴᠠ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠪᠠ᠃ ᠣᠨ ᠤ ᠭᠤᠣᠯ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ | ᠪᠦᠬᠦᠯᠢ ᠴᠣᠭᠴᠠ ᠪᠣᠯᠭᠠᠨ ᠡᠵᠡᠮᠳᠡᠵᠦ᠂ ᠬᠡᠪᠴᠢᠶᠡᠲᠦ ᠲᠣᠬᠢᠷᠠᠭᠤᠯᠤᠯ ᠡᠵᠡᠮᠳᠡᠯ᠂ ᠬᠠᠨᠳᠤᠯᠭᠠᠲᠤ ᠲᠣᠬᠢᠷᠠᠭᠤᠯᠤᠯ ᠡᠵᠡᠮᠳᠡᠯ | ᠂ ᠲᠣᠬᠢᠶᠠᠯᠳᠤ ᠲᠣᠬᠢᠷᠠᠭᠤᠯᠤᠯ ᠡᠵᠡᠮᠳᠡᠯ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠡᠷᠡᠰ | ᠰᠢᠭᠤᠷᠬᠠᠢ ᠪᠠᠷ ᠡᠷᠴᠢᠮ ᠢᠶᠠᠨ ᠴᠢᠩᠭᠠᠷᠠᠭᠤᠯᠤᠭᠰᠠᠨ ᠮᠥᠷᠲᠡᠭᠡᠨ ︽ᠨᠡᠯᠦᠶᠢᠯᠭᠡᠨ ᠤᠰᠤᠯᠠᠬᠤ ᠦᠭᠡᠢ︾᠂ ᠬᠡᠲᠦᠷᠡᠲᠡᠯ᠎ᠡ | ᠤᠷᠢᠳᠴᠢᠯᠠᠨ ᠵᠠᠷᠤᠴᠠᠭᠤᠯᠬᠤ ᠦᠭᠡᠢ ᠪᠠᠶᠢᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ | ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ ᠪᠤᠳᠠᠭ᠎ᠠ | ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ | ᠴᠢᠩᠭᠠᠳᠬᠠᠨ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ ᠠᠵᠤ ᠠᠬᠤᠢ ᠶᠢᠨ ᠰᠠᠭᠠᠳ ᠲᠣᠳᠬᠠᠷ ᠢ ᠳᠠᠪᠠᠵᠤ᠂ | ᠦᠷᠭᠦᠯᠵᠢᠯᠡᠨ ᠤᠷᠤᠭᠰᠢᠯᠠᠬᠤ ᠶᠢ ᠠᠬᠢᠭᠤᠯᠪᠠ᠃ | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠤᠯᠠᠭᠠᠨ | ᠲᠤᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠡᠵᠡᠮᠳᠡᠵᠦ᠂ ᠲᠠᠪᠤᠨ ᠵᠢᠯ ᠤᠨ ᠶᠡᠷᠦᠩᠬᠡᠢ ᠤᠯᠠᠭᠠᠨ ᠲᠤᠭ᠎ᠠ ᠶᠢᠨ ᠨᠤᠷᠮ᠎ᠠ ᠶᠢ | 3% ᠶᠢᠨ ᠳᠣᠲᠣᠷ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ 50% ᠣᠷᠴᠢᠮ ᠳᠤ | ᠬᠢᠵᠠᠭᠠᠷᠯᠠᠪᠠ᠃ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠮᠡᠷᠭᠡᠵᠢᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠦᠨᠳᠦᠰᠦᠨ ᠠᠷᠠᠳ ᠤᠨ ᠠᠮᠢᠳᠤᠷᠠᠯ | ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠬᠦᠴᠦᠲᠡᠢ ᠪᠠᠲᠤᠯᠠᠪᠠ᠃ ᠶᠡᠭᠡ ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ | ᠦᠶᠡᠴᠢ ᠴᠢᠨᠠᠷᠲᠠᠢ ᠠᠷᠭ᠎ᠠ ᠬᠡᠮᠵᠢᠶ᠎ᠡ ᠶᠢ ᠤᠶᠠᠯᠳᠤᠭᠤᠯᠵᠤ᠂ ᠬᠢᠵᠢᠭ ᠡᠭᠦᠰᠦᠭᠰᠡᠨ ᠤ ᠳᠠᠷᠠᠭ᠎ᠠ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠠᠭᠠᠷᠢᠯᠲᠠ ᠶᠢ ᠠᠷᠭᠠᠴᠠᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ᠃ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠳᠡᠭ | ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ ᠡᠭᠦᠷᠭᠡ ᠶᠢ ᠲᠤᠭᠤᠰᠢᠲᠠᠢ ᠪᠡᠶᠡᠯᠡᠭᠦᠯᠵᠦ᠂ ᠡᠵᠡᠩᠨᠡᠯᠲᠡ ᠶᠢᠨ | ᠭᠠᠶᠢᠯᠢ ᠶᠢ ᠬᠦᠴᠦᠨ ᠦᠭᠡᠢ ᠪᠤᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠡᠵᠡᠯᠡᠭᠦ ᠬᠠᠷᠢᠴᠠᠯ ᠢᠶᠠᠷ | ᠬᠠᠮᠤᠭ ᠤᠨ ᠥᠨᠳᠥᠷ᠂ ᠬᠤᠯᠪᠣᠭᠳᠠᠬᠤ ᠠᠵᠢᠯ ᠲᠥᠷᠥᠯ ᠨᠢ ᠥᠷᠭᠡᠨ ᠳᠡᠯᠭᠡᠷ ᠪᠠᠶᠢᠳᠠᠭ ᠭᠠᠶᠢᠯᠢ ᠶᠢᠨ ᠨᠣᠷᠮ᠎ᠠ ᠶᠢ 17% | ᠪᠠᠶᠢᠭᠰᠠᠨ ᠠᠴᠠ 13% ᠪᠤᠯᠳᠠᠯ᠎ᠠ ᠪᠠᠭᠤᠷᠠᠭᠤᠯᠵᠤ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠥᠷᠲᠡᠭ | ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ | ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠤᠯᠳᠠᠯ᠎ᠠ ᠱᠠᠲᠤ ᠦᠶᠡᠴᠢ ᠴᠢᠨᠠᠷᠲᠠᠢ ᠪᠠᠷ ᠳᠡᠭᠡᠭᠰᠢᠯᠡᠭᠦᠯᠵᠦ᠂ | ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠪᠣᠳᠠᠲᠠᠢ ᠬᠠᠮᠤᠭ ᠤᠨ ᠳᠣᠣᠷ᠎ᠠ ᠭᠠᠶᠢᠯᠢ ᠶᠢᠨ | ᠡᠭᠦᠷᠭᠡᠯᠡᠯ ᠤᠨ ᠨᠣᠷᠮ᠎ᠠ ᠶᠢ 10% ᠪᠠᠶᠢᠭᠰᠠᠨ ᠠᠴᠠ 2.5% ᠪᠤᠯᠲᠠᠯ᠎ᠠ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠭᠤᠤᠯᠴᠢ ᠪᠥᠭᠡᠳ ᠲᠦᠭᠡᠮᠡᠯ ᠬᠠᠷᠠᠭᠠᠯᠵᠠᠯ ᠦᠵᠡᠭᠦᠯᠦᠨ᠂ | ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭᠠᠵᠤ᠂ ᠲᠠᠪᠤᠨ ᠵᠢᠯ ᠳᠤ ᠨᠡᠶᠢᠲᠡ 5.4 ᠲᠦᠮᠡᠨ ᠳ᠋ᠦᠩᠰᠢᠭᠤᠷ | ᠲᠥᠭᠦᠷᠢᠭ ᠤᠨ ᠭᠠᠶᠢᠯᠢ ᠶᠢ ᠬᠥᠩᠭᠡᠯᠡᠨ᠂ 2.8 ᠲᠦᠮᠡᠨ ᠳ᠋ᠦᠩᠰᠢᠭᠤᠷ ᠲᠥᠭᠦᠷᠢᠭ ᠤᠨ ᠰᠦᠢᠳᠬᠡᠯ ᠢ ᠪᠠᠭᠤᠷᠠᠭᠤᠯᠵᠤ᠂ | ᠠᠵᠤ ᠠᠬᠤᠶᠢᠯᠠᠯ ᠢ ᠬᠠᠪᠰᠤᠷᠤᠨ ᠬᠦᠴᠢᠷ ᠪᠡᠷᠬᠡ ᠶᠢ ᠲᠤᠭᠤᠯᠤᠭᠤᠯᠵᠤ᠂ ᠬᠦᠴᠦ ᠲᠠᠮᠢᠷ ᠢ ᠨᠢ ᠬᠠᠳᠠᠭᠠᠯᠠᠵᠤ ᠴᠢᠳᠠᠭᠰᠠᠨ | ᠮᠥᠷᠲᠡᠭᠡᠨ ᠡᠳ᠋ ᠤᠨ ᠢᠷᠡᠯᠲᠡ ᠶᠢ ᠲᠡᠳᠬᠦᠨ ᠪᠣᠶᠢᠵᠢᠭᠤᠯᠵᠤ᠂ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠪᠠ᠂ | ᠢᠩᠭᠢᠭᠰᠡᠨ ᠢᠶᠠᠷ ᠵᠢᠯ ᠳᠤᠮᠳᠠᠴᠢ ᠪᠠᠷ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1100 ᠲᠦᠮᠡ ᠶᠢ ᠳᠠᠪᠠᠵᠤ᠂ ᠡᠯ᠎ᠡ ᠣᠨ ᠤ ᠲᠥᠪ ᠤᠨ ᠡᠳ᠋ ᠤᠨ | ᠵᠠᠰᠠᠭ ᠤᠨ ᠣᠷᠣᠯᠭ᠎ᠠ ᠶᠢᠨ ᠲᠥᠰᠥᠪ ᠢ ᠴᠥᠮ ᠤᠷᠤᠭᠰᠢᠲᠠᠢ ᠪᠡᠶᠡᠯᠡᠭᠦᠯᠪᠡ᠂ ᠦᠯᠡᠳᠡᠭᠰᠡᠨ ᠰᠠᠭᠤᠳᠬᠠᠯ ᠭᠠᠶᠢᠯᠢ ᠶᠢ | ᠪᠤᠴᠠᠭᠠᠭᠰᠠᠨ ᠬᠦᠴᠦᠨ ᠵᠦᠢᠯ ᠢ ᠪᠣᠳᠣᠯᠬᠢᠯᠠᠪᠠᠯ᠂ ᠪᠦᠭᠦ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠠᠷᠪᠠᠨ ᠵᠢᠯ ᠳᠤ | ᠬᠤᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠲᠥᠪ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠣᠷᠣᠨ ᠨᠤᠲᠤᠭ ᠲᠤ ᠰᠢᠯᠵᠢᠭᠦᠯᠦᠨ ᠥᠭᠬᠦ | ᠵᠠᠷᠤᠯᠭ᠎ᠠ ᠶᠢᠨ ᠡᠵᠡᠯᠡᠭᠦ ᠬᠠᠷᠢᠴᠠᠯ ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠤᠨ | ᠪᠡᠯᠡ ᠮᠥᠩᠭᠦ ᠶᠢᠨ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠪᠠᠶᠢᠩᠭᠤᠵᠢᠭᠤᠯᠤᠨ ᠬᠡᠷᠡᠭᠵᠢᠭᠦᠯᠪᠡ᠃ | ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠶᠢ | ᠴᠢᠩᠭ᠎ᠠ ᠬᠢᠵᠠᠭᠠᠷᠯᠠᠨ᠂ ᠲᠥᠪ ᠤᠨ ᠰᠠᠯᠠᠭ᠎ᠠ ᠮᠥᠴᠢᠷ ᠲᠦᠷᠦᠭᠦᠯᠡᠨ ᠵᠠᠷᠤᠯᠭ᠎ᠠ ᠪᠠᠨ ᠪᠠᠭᠠᠰᠬᠠᠵᠤ᠂ ᠬᠠᠳᠠᠭᠠᠯᠠᠯᠲᠠ ᠪᠡᠯᠡ | ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠂ ᠶᠡᠭᠦᠯᠡᠵᠦ ᠭᠠᠷᠭᠠᠭᠰᠠᠨ ᠪᠡᠯᠡ ᠮᠥᠩᠭᠦ ᠪᠠᠷ | ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠢ ᠪᠠᠶᠠᠵᠢᠭᠤᠯᠵᠤ᠂ ᠪᠦᠭᠦ | ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠡᠷᠡᠭᠯᠡᠪᠡ | ᠃ | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠪᠠᠶᠢᠳᠠᠯ ᠤᠨ | ᠬᠤᠪᠢᠷᠠᠯᠲᠠ ᠶᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠡᠷᠴᠢᠮ ᠢ ᠠᠮᠢᠳᠤᠯᠢᠭ ᠢᠶᠠᠷ ᠡᠵᠡᠮᠳᠡᠵᠦ᠂ ᠭᠦᠢᠯᠭᠡᠭᠡᠨ ᠤ | ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ | ᠨᠤᠷᠮ᠎ᠠ ᠶᠢ ᠪᠠᠭᠤᠷᠠᠭᠤᠯᠬᠤ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ | ᠬᠡᠷᠡᠭᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠪᠦᠲᠦᠮᠵᠢᠲᠡᠶ ᠳᠡᠮᠵᠢᠯᠭᠡ ᠪᠠᠨ ᠴᠢᠩᠭᠠᠳᠬᠠᠨ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ | ᠵᠡᠷᠭᠡ ᠠᠰᠠᠭᠤᠳᠠᠯ ᠢ ᠨᠠᠮᠳᠠᠭᠤᠯᠪᠠ᠃ ᠦᠢᠯᠡᠳᠭᠦ ᠦᠢᠯᠡᠰ ᠤᠨ ᠵᠢᠭᠡᠯᠡᠯᠭᠡ ᠶᠢᠨ ᠦᠯᠡᠳᠡᠪᠦᠷᠢ 16.3 ᠲᠦᠮᠡᠨ | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27.4 ᠲᠦᠮᠡᠨ ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠪᠡ᠃ | ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 23.8 ᠲᠦᠮᠡᠨ ᠳ᠋ᠦᠩᠰᠢᠭᠤᠷ ᠲᠥᠭᠦᠷᠢᠭ ᠪᠤᠯᠳᠠᠯ᠎ᠠ ᠨᠡᠮᠡᠭᠳᠡᠵᠦ᠂ ᠵᠢᠯ ᠳᠤᠮᠳᠠᠴᠢ ᠪᠠᠷ 24% ᠪᠠᠷ | ᠨᠡᠮᠡᠭᠳᠡᠵᠦ᠂ ᠵᠢᠭᠡᠯᠡᠯᠭᠡ ᠶᠢᠨ ᠳᠤᠮᠳᠠᠴᠢ ᠬᠦᠦ ᠶᠢᠨ ᠨᠤᠷᠮ᠎ᠠ ᠲᠠᠪᠤᠨ ᠵᠢᠯ ᠤᠨ ᠡᠮᠦᠨᠡᠬᠢ ᠠᠴᠠ 1.5 ᠵᠠᠭᠤᠨ ᠤ | ᠨᠢᠭᠡᠴᠢ ᠪᠠᠷ ᠪᠠᠭᠤᠷᠠᠪᠠ᠃ ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠦᠷᠢᠳᠦᠭᠦ ᠶᠢ | ᠢᠯᠭᠠᠷᠠᠭᠤᠯᠤᠨ ᠲᠢᠭᠯᠡᠭᠦ ᠡᠷᠴᠢᠮ ᠢ ᠴᠢᠩᠭᠠᠷᠠᠭᠤᠯᠪᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠵᠦᠢ | ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ ᠨᠢ ᠴᠢᠩᠭᠠᠷᠠᠵᠤ᠂ ᠦᠨᠳᠦᠰᠦᠨ ᠳᠡᠭᠡᠨ | ᠲᠣᠭᠲᠠᠭᠤᠨ ᠪᠠᠶᠢᠨ᠎ᠠ᠃ ᠤᠯᠤᠰ ᠤᠨ ᠦᠮᠴᠢᠯᠡᠯ ᠤᠨ ᠬᠤᠳᠠᠯᠳᠤᠭᠠᠨ ᠤ ᠪᠠᠩᠬᠢ ᠪᠠ ᠬᠥᠳᠡᠭᠡ ᠳᠤᠰᠬᠤᠨ ᠤ | ᠢᠲᠡᠭᠡᠮᠵᠢ ᠶᠢᠨ ᠬᠤᠷᠰᠢᠶ᠎ᠠ ᠵᠡᠷᠭᠡ ᠶᠢᠨ 14486 ᠳ᠋ᠦᠡᠭᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠶᠢᠨ ᠲᠡᠦᠬᠡᠨ ᠥᠪᠡᠷ ᠤᠨ ᠦᠷᠳᠡᠭ ᠢ ᠪᠦᠷᠢᠮᠦᠰᠦᠨ ᠰᠢᠢᠳᠪᠦᠷᠢᠯᠡᠪᠡ᠃ ᠵᠠᠬ᠎ᠠ ᠳᠡᠯᠭᠡᠭᠦᠷᠴᠢᠯᠡᠬᠦ ᠠᠷᠭ᠎ᠠ | ᠮᠠᠶ᠋ᠢᠭ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠨᠢᠭᠡ ᠪᠦᠯᠦᠭ ᠲᠣᠮᠣ ᠭᠡᠯᠪᠡᠷᠢ ᠶᠢᠨ ᠠᠵᠤ ᠠᠬᠤᠶᠢᠯᠠᠯ ᠤᠨ | ᠪᠦᠯᠦᠭᠯᠡᠯ ᠤᠨ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠢᠢᠳᠪᠦᠷᠢᠯᠡᠵᠦ᠂ ᠠᠶᠤᠯ ᠲᠦᠭᠰᠢᠭᠦᠷᠢ ᠶᠡᠬᠡᠲᠡᠢ ᠳᠤᠮᠳᠠ | ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠵᠤ᠂ ᠲᠣᠮᠣ | ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠷᠡᠭᠦᠯ ᠢᠶᠠᠷ ᠬᠥᠭᠵᠢᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ | ᠠᠵᠢᠯᠯᠠᠭᠠᠨ ᠯᠠᠪᠳᠠᠭᠤᠨ ᠲᠣᠭᠲᠠᠭᠤᠨ ᠪᠣᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠡᠬᠦ ᠬᠢᠵᠠᠭᠠᠷ | ᠱᠤᠭᠤᠮ ᠢ ᠰᠠᠬᠢᠵᠤ ᠲᠡᠶᠢᠯᠪᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢᠨ | ᠤᠳᠤᠷᠢᠳᠤᠮᠵᠢ ᠶᠢ ᠴᠢᠩᠭᠠᠳᠬᠠᠪᠠ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠣᠯᠭᠠᠪᠠ᠃ | ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ | ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠳᠡᠮᠵᠢᠭᠦ ᠡᠷᠴᠢᠮ ᠢ | ᠴᠢᠩᠭᠠᠷᠠᠭᠤᠯᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠢ | 20% ᠪᠠᠶᠢᠭᠰᠠᠨ ᠠᠴᠠ 16% ᠪᠣᠯᠭᠠᠨ ᠪᠠᠭᠤᠷᠠᠭᠤᠯᠬᠤ ᠶᠢᠨ ᠬᠠᠮᠲᠤ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠶᠢ ᠲᠡᠭᠦᠯᠳᠡᠷᠵᠢᠭᠦᠯᠵᠦ᠂ ᠨᠥᠭᠡᠴᠡᠯᠡᠯᠳᠡ ᠶᠢᠨ ᠬᠡᠪᠴᠢᠶ᠎ᠡ 1.8 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 2.5 ᠲᠦᠮᠡᠨ ᠳ᠋ᠦᠩᠰᠢᠭᠤᠷ ᠲᠥᠭᠦᠷᠢᠭ ᠡᠴᠨᠲ᠋ᠡᠭᠡᠭᠰᠢ ᠪᠣᠯᠵᠤ ᠨᠡᠮᠡᠭᠳᠡᠪᠡ᠃ ᠠᠵᠢᠯ | ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ | ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠦᠭᠦᠳᠡ | ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠭᠦ ᠶᠢ ᠦᠷᠭᠦᠯᠵᠢᠯᠡᠨ | ᠠᠬᠢᠭᠤᠯᠵᠤ᠂ ᠪᠦᠭᠦ ᠤᠯᠤᠰ ᠤᠨ ᠴᠣᠭᠴᠠᠯᠠᠬᠤ ᠡᠭᠦᠳᠭᠦ ᠭᠠᠷᠠᠭ ᠤᠨ ᠠᠵᠢᠯᠯᠠᠭ᠎ᠠ ᠶᠢ ᠵᠠᠯᠭᠠᠭ᠎ᠠ ᠪᠠᠷ 8 ᠬᠤᠭᠤᠴᠠᠭ᠎ᠠ | ᠡᠷᠭᠢᠯᠡᠵᠦ᠂ ᠤᠷᠤᠯᠴᠠᠬᠰᠠᠨ ᠬᠥᠮᠥᠨ ᠤ ᠲᠤᠭ᠎ᠠ 5.2 ᠳ᠋ᠦᠡᠭᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠬᠥᠳᠡᠯᠮᠦᠷᠢᠴᠢᠳ ᠤᠨ ᠡᠷᠬᠡ | ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠢᠯ ᠣᠯᠬᠤ ᠰᠢᠨ᠎ᠡ ᠭᠡᠯᠪᠡᠷᠢ ᠪᠠᠶᠢᠳᠠᠯ ᠪᠠ ᠠᠮᠢᠳᠤᠯᠢᠭ ᠢᠶᠠᠷ ᠠᠵᠢᠯ | ᠣᠯᠬᠤ ᠨᠢ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠪᠣᠯᠪᠠ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠪᠠᠭᠤᠭᠰᠠᠳ᠂ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ | ᠠᠵᠢᠯ ᠣᠯᠭᠤᠬᠤ ᠠᠵᠢᠯ ᠢ ᠰᠠᠶᠢᠲᠤᠷ ᠬᠢᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠪᠡᠯᠡ | ᠮᠥᠩᠭᠦ ᠪᠠᠷ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠳᠡᠮᠵᠢᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠬᠴᠢ ᠨᠡᠮᠡᠵᠦ ᠡᠯᠰᠡᠭᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ | ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠳᠡ 413 ᠲᠦᠮᠡᠨ ᠰᠤᠷᠤᠬᠴᠢ ᠨᠡᠮᠡᠨ ᠡᠯᠰᠡᠵᠦ᠂ 8300ᠭᠠᠷᠤᠢ | ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠡᠳ᠋ | ᠪᠠᠶᠠᠯᠢᠭ ᠤᠨ ᠰᠤᠷᠪᠤᠯᠵᠢ ᠮᠥᠨ᠃ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠠᠵᠢᠯ | ᠣᠯᠭᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ ᠪᠤᠰᠤ ᠪᠥᠭᠡᠳ | ᠲᠡᠭᠦᠨ ᠳᠤ ᠯᠤᠲᠤ ᠶᠡᠭᠡ ᠪᠦᠲᠦᠭᠡᠯᠴᠢ ᠬᠦᠴᠦᠨ ᠠᠭᠤᠯᠤᠭᠳᠠᠵᠤ ᠪᠠᠶᠢᠭ᠎ᠠ ᠶᠤᠮ᠃ | ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠳᠠᠭᠠᠷᠢᠯᠲᠠ ᠶᠢ ᠠᠷᠭᠠᠴᠠᠬᠤ | ᠳᠤᠮᠳᠠ ᠤᠯᠠᠭᠠᠨ ᠲᠤᠭ᠎ᠠ ᠶᠢᠨ ᠬᠡᠪᠴᠢᠶ᠎ᠡ ᠶᠢ ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠭᠦᠯᠦᠭᠰᠡᠨ ᠦᠭᠡᠢ᠂ ᠵᠣᠭᠤᠰ ᠢ | ᠴᠦ ᠬᠡᠲᠦᠷᠡᠭᠦᠯᠦᠨ ᠲᠠᠷᠬᠠᠭᠠᠭᠰᠠᠨ ᠦᠭᠡᠢ ᠶᠠᠪᠤᠳᠠᠯ ᠨᠢ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠳᠤ ᠬᠤᠷᠸ᠎ᠠ | ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠢ ᠶᠡᠭᠡ ᠬᠦᠴᠦ ᠣᠷᠣᠭᠤᠯᠤᠨ | ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠶᠢ ᠴᠢᠩᠭᠠᠳᠬᠠᠵᠤ᠂ | ᠠᠮᠤ ᠪᠤᠳᠠᠭ᠎ᠠ ᠪᠣᠯᠣᠨ ᠭᠠᠭ᠋ᠠᠢ᠂ ᠢᠳᠡᠰᠢᠨ ᠨᠣᠭᠤᠭ᠎ᠠ ᠵᠡᠷᠭᠡ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ | ᠨᠡᠭᠦᠷᠡᠰᠦ ᠴᠠᠭᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ | ᠠᠷᠠᠳ ᠤᠨ ᠠᠮᠢᠳᠤᠷᠠᠯ ᠪᠠ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠦᠨ᠎ᠡ ᠬᠠᠩᠰᠢ ᠶᠢᠨ ᠬᠡᠪ ᠤᠨ ᠡᠮᠬᠢ ᠵᠢᠷᠤᠮ ᠢ ᠬᠠᠮᠠᠭᠠᠯᠠᠪᠠ᠃ ᠠᠷᠪᠠᠨ ᠵᠢᠯ ᠤᠨ ᠲᠤᠷᠰᠢ ᠮᠠᠨ ᠤ | ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ 2%ᠣᠷᠴᠢᠮ ᠤᠨ ᠨᠡᠯᠢᠶᠡᠳ ᠳᠣᠣᠷ᠎ᠠ | ᠲᠦᠪᠰᠢᠨ ᠳᠤ ᠲᠣᠭᠲᠠᠪᠤᠷᠢᠵᠢᠭᠰᠠᠨ ᠨᠢ ᠭᠢᠯᠪᠠᠷᠬᠠᠨ ᠪᠡᠶᠡᠯᠡᠭᠳᠡᠭᠰᠡᠨ ᠰᠢᠭ ᠪᠤᠯᠪᠠᠴᠤ ᠦᠨᠡᠨ ᠳᠡᠭᠡᠨ ᠪᠡᠷᠬᠡ | ᠬᠠᠲᠠᠭᠤᠵᠢᠯᠲᠠᠢ ᠪᠠᠶᠢᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠂ ᠬᠤᠷᠸ᠎ᠠ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠳᠤ ᠣᠷᠣᠨ ᠵᠠᠢ ᠬᠠᠩᠭᠠᠭᠰᠠᠨ ᠮᠥᠷᠲᠡᠭᠡᠨ ᠦᠨᠳᠦᠰᠦᠨ ᠠᠷᠠᠳ ᠤᠨ ᠠᠮᠢᠳᠤᠷᠠᠯ ᠢ ᠨᠡᠩ | ᠰᠠᠶᠢᠲᠤᠷ ᠪᠠᠲᠤᠯᠠᠬᠤ ᠳᠤ ᠴᠤ ᠠᠰᠢᠭᠲᠠᠢ ᠪᠣᠯᠤᠭᠰᠠᠨ ᠶᠤᠮ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠬᠤᠭᠤᠴᠠᠭ᠎ᠠ ᠶᠣᠰᠣᠭᠠᠷ | ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠪᠡ᠃ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠬᠠᠮᠤᠭ ᠤᠨ | ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯ ᠲᠠᠢ | ᠭᠠᠵᠠᠷ ᠣᠷᠣᠨ ᠳᠤ ᠪᠠᠶᠢᠬᠤ ᠶᠤᠮ᠃ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠭᠦᠭᠦ ᠶᠢ ᠪᠠᠷᠢᠮᠲᠠᠯᠠᠵᠤ᠂ ︽ᠭᠤᠷᠪᠠᠨ | ᠣᠷᠣᠨ ᠭᠤᠷᠪᠠᠨ ᠵᠧᠦ︾ ᠵᠡᠷᠭᠡ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ | ᠲᠦᠷᠦ ᠶᠢᠨ ᠪᠣᠳᠣᠯᠭ᠎ᠠ ᠶᠢ ᠬᠡᠯᠪᠡᠶᠢᠯᠭᠡᠬᠦ ᠳᠡᠮᠵᠢᠯᠭᠡ ᠪᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠪᠡᠯᠡ ᠮᠥᠩᠭᠦ ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠬᠤ ᠳᠤ ᠬᠦᠴᠢᠷᠳᠡᠯ ᠶᠡᠬᠡᠲᠡᠢ ᠰᠢᠶᠠᠨ ᠪᠠ ᠲᠣᠰᠬᠤᠨ ᠢ ᠪᠣᠯ ᠫᠠᠶᠢᠰᠠ ᠡᠯᠭᠦᠨ ᠰᠢᠪᠠᠳᠠᠨ ᠬᠢᠯᠭᠡᠪᠡ᠃ ᠠᠵᠤ | ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ ᠵᠡᠷᠭᠡ | ᠲᠠᠯ᠎ᠠ ᠪᠠᠷ ᠬᠠᠪᠰᠤᠷᠤᠨ ᠲᠡᠳᠭᠦᠭᠦ ᠶᠢ ᠭᠦᠨᠵᠡᠭᠡᠢ ᠬᠡᠷᠡᠭᠵᠢᠭᠦᠯᠵᠦ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ | ᠲᠠᠮᠵᠢᠭᠦ ᠠᠵᠢᠯ ᠢ ᠴᠢᠩᠭᠠᠳᠬᠠᠵᠤ᠂ ︽ᠬᠤᠶᠠᠷ ᠤᠨ ᠲᠥᠯᠥᠭᠡ ᠵᠣᠪᠠᠭ᠋ᠤ ᠦᠭᠡᠢ᠂ ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠭᠰᠡᠨ ᠢᠶᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢᠳᠡᠵᠦ | ᠡᠮᠦᠰᠭᠦ ᠳᠡᠭᠡᠨ ᠵᠣᠪᠠᠭ᠋ᠤ ᠦᠭᠡᠢ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ | ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠪᠣᠯᠤᠭᠰᠠᠨ ᠪᠥᠭᠡᠳ ᠢᠳᠡᠬᠦ ᠤᠰᠤᠨ ᠤ ᠠᠮᠤᠷ | ᠲᠦᠪᠰᠢᠨ ᠨᠢ ᠴᠦ ᠪᠠᠲᠤᠯᠠᠭ᠎ᠠ ᠲᠠᠢ ᠪᠣᠯᠪᠠ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠢᠯᠡᠳᠲᠡ | ᠰᠠᠶᠢᠵᠢᠷᠠᠪᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠬᠤ ᠶᠢ | ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠪᠤᠯᠬᠤ ᠬᠠᠪᠰᠤᠷᠤᠨ ᠲᠡᠳᠭᠦᠭᠦ ᠲᠥᠷᠥ ᠶᠢᠨ ᠪᠣᠳᠣᠯᠭ᠎ᠠ ᠶᠢ | ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ︽ᠳᠥᠷᠪᠡ ᠶᠢ ᠦᠯᠦ ᠬᠤᠪᠢᠷᠠᠭᠤᠯᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠭᠡᠮᠵᠢᠭᠦ ᠪᠠ ᠬᠠᠪᠰᠤᠷᠤᠨ ᠲᠡᠳᠭᠦᠭᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠵᠢᠭ᠂ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠬᠦᠴᠦᠲᠡᠢ | ᠠᠷᠭᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ ᠡᠭᠦᠰᠭᠦ ᠶᠢ ᠦᠨᠡᠨ ᠬᠦ ᠪᠠᠲᠤᠯᠠᠪᠠ᠃ 160 ᠰᠢᠶᠠᠨ ᠢ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠭᠦ ᠰᠢᠶᠠᠨ ᠢᠶᠠᠷ | ᠲᠣᠭᠲᠠᠭᠠᠬᠤ ᠶᠢᠨ ᠬᠠᠮᠲᠤ ᠲᠥᠪᠯᠡᠷᠡᠭᠦᠯᠦᠨ ᠳᠠᠮᠵᠢᠵᠤ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ | ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠵᠡᠭᠦᠨ ᠬᠡᠰᠡᠭ ᠪᠠ | ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠴᠡᠭ | ᠲᠣᠭᠲᠠᠭᠠᠨ ᠬᠠᠪᠰᠤᠷᠤᠨ ᠲᠡᠳᠭᠦᠭᠦ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠮᠴᠢᠯᠡᠭᠡ᠂ ᠰᠤᠷᠭᠠᠨ | ᠬᠥᠮᠦᠵᠢᠯ ᠤᠨ ︽ᠪᠦᠯᠭᠦᠮ ᠮᠠᠶ᠋ᠢᠭ︾ ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ ᠰᠠᠶᠢᠲᠤᠷ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ | ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠪᠠ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠠᠬᠢᠭᠤᠯᠪᠠ᠃ | ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ | ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠪᠡ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ | ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ | ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ | ᠠᠬᠢᠭᠤᠯᠪᠠ᠃ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠪᠠ᠃ ᠲᠦᠷᠦ | ᠶᠢᠨ ᠶᠠᠪᠤᠳᠠᠯ ᠤᠨ ᠬᠤᠷᠢᠶ᠎ᠠ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ | ᠶᠢ ᠪᠡᠶᠡᠯᠡᠭᠦᠯᠪᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠵᠤ᠂ ᠥᠨᠳᠥᠷ | ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠤᠯᠠᠨ | ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠪᠠ᠃ ᠶᠡᠭᠡ ᠶᠣᠰᠣᠨ ᠠᠨᠤ ᠶᠠᠪᠤᠭᠤᠯᠬᠤᠢ | ᠳᠤᠷ ᠲᠦᠭᠦᠮ᠂ ᠵᠠᠰᠠᠭ ᠴᠣᠮᠬᠠᠨ ᠪᠦᠭᠡᠰᠦ ᠭᠦᠢᠴᠡᠳᠬᠡᠬᠦᠢ ᠳᠤᠷ ᠭᠢᠯᠪᠠᠷ᠃ ᠵᠠᠰᠠᠭ ᠤᠨ ᠣᠷᠳᠣᠨ ᠤ ᠳᠤᠰ ᠪᠡᠶ᠎ᠡ ᠶᠢᠨ | ᠠᠰᠢᠭ ᠲᠤᠰᠠ ᠶᠢ ᠭᠦᠨᠳᠡᠭᠦ ᠥᠭᠡᠷᠡᠴᠢᠯᠡᠯᠲᠡ ᠶᠢ ᠰᠢᠨᠲᠠᠷᠠᠰᠢ ᠦᠭᠡᠢ ᠠᠬᠢᠭᠤᠯᠪᠠ᠃ ᠤᠯᠠᠮ ᠨᠢᠭᠡ ᠠᠯᠬᠤᠮ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ | ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠭᠦ | ᠲᠠᠯ᠎ᠠ ᠪᠠᠷ ᠬᠡᠷᠡᠭᠵᠢᠭᠦᠯᠦᠨ᠂ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠦᠷᠢᠮ ᠢ | ᠪᠠᠶᠢᠭᠤᠯᠬᠤ ᠡᠬᠢᠨ ᠤ ᠦᠶ᠎ᠡ ᠶᠢᠨ ᠬᠢ ᠲᠠᠢ ᠠᠳᠠᠯᠢᠳᠬᠠᠪᠠᠯ 64% ᠪᠠᠷ ᠴᠥᠭᠡᠳᠬᠡᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠴᠥᠮ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠪᠠ᠃ ᠤᠯᠠᠨ ᠵᠢᠯ ᠤᠨ | ᠲᠤᠷᠰᠢ 1000 ᠭᠠᠷᠤᠢ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠤᠯᠭᠠᠬᠰᠠᠨ ᠪᠠ | ᠳᠣᠷᠣᠭᠰᠢ ᠪᠠᠭᠤᠯᠭᠠᠵᠤ᠂ ᠲᠥᠪ ᠵᠠᠰᠠᠭ ᠤᠨ ᠣᠷᠳᠣᠨ ᠤ ᠳᠡᠰ ᠳᠠᠪᠬᠤᠷᠭ᠎ᠠ ᠠᠴᠠ ᠬᠢᠨᠠᠨ ᠵᠥᠪᠰᠢᠶᠡᠷᠡᠬᠦ ᠪᠡᠯᠡ | ᠤᠷᠤᠭᠤᠯᠤᠯᠳᠠ ᠶᠢᠨ ᠲᠥᠰᠥᠯ ᠢ 90% ᠠᠴᠠ ᠳᠡᠭᠡᠭᠰᠢ ᠴᠥᠭᠡᠳᠬᠡᠨ᠂ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 60 ᠲᠥᠷᠥᠯ ᠪᠠᠶᠢᠭᠰᠠᠨ ᠠᠴᠠ ᠨᠢ ᠴᠥᠭᠡᠳᠬᠡᠭᠡᠳ 10 ᠲᠥᠷᠥᠯ | ᠪᠤᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠪᠦᠭᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ | ᠢ 120 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ ᠪᠣᠯᠭᠠᠨ ᠪᠣᠭᠤᠨᠢᠰᠬᠠᠪᠠ᠃ ᠬᠤᠳᠠᠯᠳᠤᠭᠠᠨ ᠤ ᠶᠠᠪᠤᠳᠠᠯ ᠤᠨ | ᠳᠦᠷᠢᠮ ᠢ ᠥᠭᠡᠷᠡᠴᠢᠯᠡᠵᠦ᠂ ︽ᠦᠨᠡᠮᠯᠡᠯ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ | ᠨᠡᠭᠡᠭᠡᠨ ᠡᠷᠭᠢᠯᠡᠭᠦ ᠭᠠᠷ ᠭᠦᠢᠴᠡᠳᠬᠡᠯ ᠤᠨ ᠴᠠᠭ ᠢ ᠨᠢᠭᠡ ᠰᠠᠷ᠎ᠠ ᠭᠠᠷᠤᠢ ᠪᠠᠶᠢᠭᠰᠠᠨ ᠠᠴᠠ ᠤᠳᠤ ᠶᠢᠨ ᠳᠤᠮᠳᠠᠴᠢ ᠪᠠᠷ 4 | ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠩᠰᠠᠨ | ᠠᠴᠠ ᠬᠠᠰᠤᠭᠤᠯᠬᠤ ᠳᠦᠭᠦᠮ ᠳᠦᠷᠢᠮ ᠢ ᠬᠡᠷᠡᠭᠵᠢᠭᠦᠯᠪᠡ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ | ᠪᠠᠷᠢᠮᠲᠠᠯᠠᠨ᠂ ᠬᠡᠷᠡᠭ ᠤᠨ ᠳᠤᠮᠳᠠᠬᠢ ᠬᠢᠨᠠᠯᠲᠠ ᠪᠠ ᠬᠡᠷᠡᠭ ᠤᠨ ᠳᠠᠷᠠᠭᠠᠬᠢ ᠬᠢᠨᠠᠯᠲᠠ ᠶᠢ ᠴᠢᠩᠭᠠᠳᠬᠠᠵᠤ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ ᠡᠷᠬᠡ ᠶᠢ | ᠪᠠᠭᠤᠯᠭᠠᠬᠤ ᠶᠢ ᠴᠢᠬᠤᠯᠠᠴᠢᠯᠠᠨ ᠬᠠᠮᠢᠶᠠᠷᠤᠯᠲᠠ ᠶᠢ ᠬᠥᠩᠭᠡᠪᠴᠢᠯᠡᠬᠦ ᠶᠢ ᠰᠡᠷᠭᠡᠶᠢᠯᠡᠨ ᠬᠤᠷᠢᠭᠯᠠᠵᠤ᠂ ᠢᠳᠡᠭᠡᠨ ᠤ ᠵᠦᠢᠯ ᠡᠮ | ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠤᠯᠭᠠᠬᠤ︾ ᠵᠡᠷᠭᠡ ᠠᠷᠭ᠎ᠠ ᠮᠠᠶ᠋ᠢᠭ ᠢ | ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ | ᠶᠢ ᠵᠢᠷᠤᠮᠵᠢᠭᠤᠨ ᠬᠡᠷᠡᠭᠵᠢᠭᠦᠯᠪᠡ᠃ ᠮᠣᠨᠣᠫᠤᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ | ᠠᠵᠢᠯ ᠢ ᠴᠢᠩᠭᠠᠳᠬᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠮᠣᠨᠣᠫᠤᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠯ ᠢ ᠥᠭᠡᠷᠡᠴᠢᠯᠡᠪᠡ᠃ | ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ | ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠬᠠᠤᠯᠢ ᠶᠣᠰᠣᠭᠠᠷ ᠡᠷᠡᠰ ᠬᠠᠮᠢᠶᠠᠷᠤᠨ ᠡᠵᠡᠮᠳᠡᠪᠡ᠃ | ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠠᠭᠤᠯᠤᠨ | ᠭᠦᠢᠴᠡᠳᠬᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠪᠠᠭᠠᠰᠬᠠᠨ᠂ ᠳ᠋ᠢᠵᠢᠲ᠋ᠠᠯ ᠵᠠᠰᠠᠭ ᠤᠨ ᠣᠷᠳᠣᠨ | ᠤ ᠪᠠᠶᠢᠭᠤᠯᠤᠯᠲᠠ ᠶᠢ ᠲᠦᠷᠭᠡᠳᠬᠡᠵᠦ᠂ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠪᠤᠯᠭᠠᠵᠦ᠂ ᠡᠷᠦᠭᠡ ᠠᠮᠠ ᠶᠢᠨ ᠭᠡᠷᠡᠴᠢᠯᠡᠯ᠂ ᠨᠡᠶᠢᠭᠡᠮ ᠤᠨ ᠳᠠᠭᠠᠳᠬᠠᠯ ᠢ | ᠰᠢᠯᠵᠢᠭᠦᠯᠦᠨ ᠵᠠᠯᠭᠠᠭᠤᠯᠬᠤ ᠵᠡᠷᠭᠡ 200 ᠭᠠᠷᠤᠢ ᠵᠦᠢᠯ ᠤᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠦᠢᠯᠡᠰ ᠢ | ᠮᠤᠵᠢ ᠠᠯᠤᠰᠯᠠᠨ ᠭᠦᠢᠴᠡᠳᠬᠡᠬᠦ ᠪᠣᠯᠭᠠᠪᠠ᠃ ᠲᠦᠷᠭᠡᠨ ᠳᠠᠪᠬᠢᠬᠤ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠪᠤᠶ | ᠪᠦᠬᠦᠢ ᠰᠦᠢᠳᠬᠡᠯ ᠬᠤᠷᠢᠶᠠᠬᠤ ᠥᠷᠲᠡᠭᠡ ᠶᠢ ᠬᠠᠰᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠨ ᠬᠠᠮᠢᠶᠠᠷᠬᠤ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠦᠭᠭᠦ | ᠶᠢ ᠪᠠᠲᠤᠯᠠᠬᠤ ᠵᠡᠷᠭᠡ ᠳᠦᠷᠢᠮ ᠢ ᠲᠣᠭᠲᠠᠭᠠᠨ ᠬᠡᠷᠡᠭᠵᠢᠭᠦᠯᠪᠡ᠃ ᠥᠭᠡᠷᠡᠴᠢᠯᠡᠯᠲᠡ ᠨᠢ ᠬᠥᠮᠥᠰ ᠤᠨ ᠠᠷᠠᠯᠵᠢᠶ᠎ᠠ | ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠳᠤ ᠨᠠᠩ ᠤᠯᠠᠨ ᠳᠥᠭᠦᠮ ᠨᠥᠬᠦᠴᠡᠯ ᠪᠠ ᠣᠷᠣᠨ ᠵᠠᠢ ᠬᠠᠩᠭᠠᠵᠤ᠂ | ᠨᠢᠳᠤᠨᠤᠨ ᠤ ᠵᠢᠯ ᠤᠨ ᠡᠴᠦᠰ ᠲᠤ ᠠᠵᠤ ᠠᠬᠤᠶᠢᠯᠠᠯ ᠤᠨ ᠲᠤᠭ᠎ᠠ 5200 ᠲᠦᠮᠡ ᠶᠢ ᠳᠠᠪᠠᠵᠤ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ 1.1 ᠳ᠋ᠦᠩᠰᠢᠭᠤᠷ ᠢ ᠳᠠᠪᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠶᠡᠷᠦᠩᠬᠡᠢ ᠲᠤᠭ᠎ᠠ 1.6 ᠳ᠋ᠦᠡᠭᠰᠢᠭᠤᠷ ᠢ ᠳᠠᠪᠠᠵᠤ᠂ ᠠᠷᠪᠠᠨ ᠵᠢᠯ ᠤᠨ ᠡᠮᠦᠨᠡᠬᠢ ᠠᠴᠠ 3 ᠳᠠᠭᠢᠨ ᠪᠣᠯᠣᠭᠠᠳ᠂ | ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠨᠢ ᠢᠯᠡᠳᠲᠡ ᠴᠢᠩᠭᠠᠷᠠᠪᠠ᠃ | ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠭᠦᠭᠵᠢᠭᠦ ᠶᠢ ᠠᠬᠢᠭᠤᠯᠪᠠ᠃ ᠨᠡᠶᠢᠭᠡᠮ | ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ ᠥᠴᠥᠬᠡᠨ ᠴᠦ | ᠭᠤᠶᠢᠪᠢᠰᠢ ᠦᠭᠡᠢ︾ ᠵᠢᠪᠠᠷᠢᠮᠲᠠᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ | ᠠᠩᠬᠠᠷᠤᠯ ᠢᠶᠠᠨ ᠲᠥᠪᠯᠡᠷᠡᠭᠦᠯᠵᠦ ᠰᠢᠯᠢᠳᠡᠭᠵᠢᠭᠦᠯᠦᠨ ᠲᠠᠭᠢᠨ ᠵᠣᠬᠢᠶᠠᠨ ᠪᠠᠶᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ | ᠭᠦᠭᠵᠢᠭᠦ ᠶᠢ ᠠᠬᠢᠭᠤᠯᠵᠤ᠂ ᠡᠯ᠎ᠡ ᠵᠦᠢᠯ ᠤᠨ ᠳᠠᠯᠳᠠ ᠪᠠᠬᠢᠯᠡᠯᠲᠡ ᠶᠢ ᠡᠪᠳᠡᠵᠦ᠂ ᠨᠢᠭᠡ ᠯᠡ ᠠᠳᠠᠯᠢ ᠪᠠᠷ ᠲᠦᠷᠦ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠬᠥᠪᠴᠢᠯᠡᠪᠡ᠃ | ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ᠃ ᠲᠥᠰᠥᠪ | ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠢ ᠢᠯᠡ ᠪᠤᠯᠭᠠᠬᠤ | ᠡᠷᠴᠢᠮ ᠢ ᠴᠢᠩᠭᠠᠷᠠᠭᠤᠯᠵᠤ᠂ ᠲᠥᠪ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ | ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠡᠷᠦᠩᠬᠡᠶᠢᠯᠡᠬᠦ ᠪᠠ | ᠲᠦᠷᠦᠯ ᠬᠤᠪᠢᠶᠠᠬᠤ ᠶᠢ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠢ | ᠪᠠᠶᠢᠭᠤᠯᠤᠨ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠪᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠠᠬᠢᠭᠤᠯᠵᠤ᠂ ᠳᠤᠮᠳᠠ ᠵᠢᠵᠢᠭ ᠪᠠᠩᠬᠢ ᠶᠢᠨ ᠬᠥᠷᠥᠩᠭᠡ ᠪᠠᠨ ᠨᠥᠬᠦᠪᠦᠷᠢᠯᠡᠬᠦ ᠪᠠ ᠥᠭᠡᠷᠡᠴᠢᠯᠡᠯᠲᠡ ᠬᠢᠵᠦ ᠲᠦᠭᠰᠢᠭᠦᠷᠢ ᠶᠢ | ᠠᠷᠢᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠲ᠋ᠣᠺ ᠲᠠᠷᠬᠠᠭᠠᠬᠤ ᠳᠠᠩᠰᠠᠯᠠᠭᠤᠯᠬᠤ ᠳᠦᠷᠢᠮᠲᠦ | ᠥᠭᠡᠷᠡᠴᠢᠯᠡᠯᠲᠡ ᠶᠢ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ | ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ᠃ | ︵ᠳᠥᠷᠪᠡ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠪᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠ | ᠣᠷᠣᠨ ᠨᠤᠲᠤᠭ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠭᠦ ᠳᠤ ᠴᠢᠩᠭ᠎ᠠ ᠲᠦᠰᠢᠭᠯᠡᠨ ᠪᠣᠳᠠᠲᠤ | ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ | ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠨ᠎ᠠ ᠠᠴᠠ ᠢᠷᠡᠬᠦ ᠳᠠᠷᠤᠯᠲᠠ | ᠬᠤᠷᠢᠭᠯᠠᠯᠲᠠ ᠶᠢ ᠪᠦᠲᠦᠮᠵᠢᠲᠡᠶ ᠠᠷᠭᠠᠴᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ | ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠬᠤᠯᠠ ᠶᠡᠭᠡ ᠲᠥᠰᠥᠯ ᠢ | ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠪᠠ᠃ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠪᠡ᠃ ᠤᠯᠠᠨ | ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ | ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ ᠰᠢᠨᠵᠢᠯᠡᠬᠦ ᠤᠬᠠᠭᠠᠨ ᠤ ᠲᠥᠪ ᠢ | ᠪᠠᠶᠢᠷᠢᠯᠠᠭᠤᠯᠵᠤ ᠪᠦᠲᠦᠭᠡᠨ ᠪᠠᠶᠢᠭᠤᠯᠪᠠ ᠃ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠳᠡᠮᠵᠢᠵᠦ᠂ | ᠪᠦᠭᠦ ᠤᠯᠤᠰ ᠤᠨ ᠰᠠᠭᠤᠷᠢ ᠰᠤᠳᠤᠯᠭᠠᠨ ᠤ ᠵᠠᠷᠤᠳᠠᠯ ᠢ ᠲᠠᠪᠤᠨ ᠵᠢᠯ ᠳᠤ 1 ᠲᠠᠭᠢᠨ ᠨᠡᠮᠡᠭᠳᠡᠭᠦᠯᠪᠡ᠃ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ | ᠮᠡᠳᠡᠭᠦ ᠡᠷᠬᠡ ᠣᠯᠭᠤᠵᠤ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠦᠪᠡᠭ ᠪᠤᠳᠤᠯᠢᠶᠠᠨᠲᠠᠢ | ᠵᠠᠰᠠᠭ ᠵᠠᠬᠢᠷᠭᠠᠨ ᠤ ᠠᠵᠢᠯ ᠶᠠᠪᠤᠳᠠᠯ ᠠᠴᠠ ᠴᠢᠯᠦᠭᠡᠯᠡᠬᠦ ᠪᠠᠷ ᠴᠢᠷᠮᠠᠶᠢᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠥᠳᠡᠯᠭᠡᠭᠴᠢ ᠬᠦᠴᠦᠨ ᠢ ᠬᠥᠭᠵᠢᠭᠡᠪᠡ᠃ ᠤᠯᠠᠨ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠪᠠᠷ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠤᠷᠮᠠᠰᠢᠭᠤᠯᠤᠨ ᠵᠣᠷᠢᠭᠵᠢᠭᠤᠯᠵᠤ᠂ | ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠭᠦ ᠦᠢᠯᠡᠰ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠢ ᠶᠢ ᠲᠤᠰ ᠲᠤᠰ 50%᠂ 75% ᠪᠠᠶᠢᠭᠰᠠᠨ ᠠᠴᠠ ᠨᠢ | 100% ᠪᠤᠯᠲᠠᠯ᠎ᠠ ᠳᠡᠭᠡᠭᠰᠢᠯᠡᠭᠦᠯᠦᠭᠰᠡᠨ ᠪᠥᠭᠡᠳ ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ ᠳᠤ | ᠭᠦᠷᠳᠡᠯ᠎ᠠ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠰᠠᠭᠤᠷᠢ ᠰᠤᠳᠤᠯᠭᠠᠨ ᠳᠤ | ᠤᠷᠤᠭᠤᠯᠤᠯᠳᠠ ᠬᠢᠬᠦ᠂ ᠲᠥᠬᠦᠭᠡᠷᠦᠮᠵᠢ ᠬᠤᠳᠠᠯᠳᠤᠨ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ | ᠰᠢᠨ᠎ᠡ ᠶᠢ ᠡᠭᠦᠳᠭᠦ ᠶᠢ ᠳᠡᠮᠵᠢᠭᠦ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠶᠢᠨ ᠣᠨ ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠰᠢᠨ᠎ᠡ ᠶᠢ ᠡᠭᠦᠳᠭᠦ ᠶᠢ ᠳᠡᠮᠵᠢᠭᠦ | ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠡᠭᠦᠳᠦᠨ ᠪᠠᠶᠢᠭᠤᠯᠵᠤ᠂ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠵᠡᠷᠭᠡ ᠶᠢᠨ ᠬᠥᠭᠵᠢᠯᠲᠡ ᠶᠢ ᠬᠥᠲᠥᠯᠥᠨ ᠵᠢᠯᠣᠭᠤᠳᠪᠠ᠃ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠲᠤᠯᠠᠵᠤ᠂ ᠰᠢᠨ᠎ᠡ ᠶᠢ ᠡᠭᠦᠳᠭᠦ | ᠠᠵᠤ ᠠᠬᠤᠶᠢᠯᠠᠯ ᠦᠯᠡᠮᠵᠢ ᠤᠯᠠᠨ ᠴᠣᠯᠭᠤᠷᠠᠨ ᠭᠠᠷᠪᠠ᠃ | ᠠᠵᠤ ᠦᠢᠯᠡᠰ ᠤᠨ ᠳᠤᠮᠳᠠ ᠳᠡᠭᠡᠳᠦ ᠲᠡᠰ ᠲᠤ ᠳᠠᠪᠰᠢᠭᠦ ᠶᠢ ᠠᠬᠢᠭᠤᠯᠪᠠ᠃ ᠦᠢᠯᠡᠳᠭᠦ ᠦᠢᠯᠡᠰ ᠢ ᠪᠣᠳᠠᠲᠤ | ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢᠨ ᠭᠤᠣᠯᠳᠠᠯᠭ᠎ᠠ ᠪᠤᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ | ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠦᠢᠯᠡᠳᠭᠦ ᠦᠢᠯᠡᠰ ᠤᠨ ᠬᠤᠪᠢ ᠶᠢᠨ ᠵᠢᠩ ᠢ ᠦᠨᠳᠦᠰᠦᠨ ᠳᠡᠭᠡᠨ | ᠲᠣᠭᠲᠠᠭᠤᠨ ᠪᠠᠶᠢᠯᠭᠠᠪᠠ᠃ ᠣᠷᠴᠢᠨ ᠠᠬᠤᠢ ᠶᠢᠨ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠲᠠᠯ᠎ᠠ ᠪᠠᠷ | ᠬᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ | ᠶᠢ ᠰᠢᠭᠰᠢᠭᠳᠡᠭᠦᠯᠪᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ | ᠠᠵᠢᠯᠯᠠᠭ᠎ᠠ ᠥᠷᠨᠢᠭᠦᠯᠪᠡ᠃ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠨᠢᠭᠡ ᠪᠦᠯᠦᠭ ᠢᠨᠵᠧᠨᠧᠷᠢᠩ ᠢ | ᠡᠬᠢᠯᠡᠭᠦᠯᠪᠡ᠃ ᠠᠵᠤ ᠠᠬᠤᠶᠢᠯᠠᠯ ᠤᠨ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠨ | ᠲᠦᠷᠭᠡᠳᠬᠡᠬᠦ ᠶᠢ ᠵᠣᠷᠢᠭᠵᠢᠭᠤᠯᠵᠤ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠢ ᠪᠤᠳᠤᠬᠤ ᠬᠤᠭᠤᠴᠠᠭ᠎ᠠ ᠶᠢ | ᠪᠣᠭᠤᠨᠢᠰᠬᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠪᠦᠭᠦ ᠦᠢᠯᠡᠳᠭᠦ ᠦᠢᠯᠡᠰ ᠲᠤ | ᠭᠦᠷᠳᠡᠯ᠎ᠡ ᠥᠷᠭᠡᠳᠬᠡᠪᠡ᠃ ᠳᠡᠭᠡᠳᠦ ᠲᠡᠰ ᠤᠨ ᠲᠣᠨᠣᠭᠯᠠᠯ᠂ ᠠᠮᠢᠳᠤ ᠪᠣᠳᠠᠰ ᠤᠨ ᠡᠮ ᠡᠮᠨᠡᠯᠭᠡ᠂ ᠭᠡᠷᠡᠯ ᠡᠯᠧᠺᠲᠷᠣᠨ ᠤ | ᠮᠡᠳᠡᠭᠡ ᠵᠠᠩᠭᠢ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ᠂ ᠭᠡᠷᠡᠯ ᠴᠠᠭᠢᠯᠭᠠᠨ᠂ ᠰᠠᠯᠬᠢᠨ ᠴᠠᠭᠢᠯᠭᠠᠨ ᠵᠡᠷᠭᠡ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠯᠡᠨ ᠭᠦᠭᠵᠢᠭᠦ ᠶᠢ ᠠᠬᠢᠭᠤᠯᠪᠠ᠃ ᠳ᠋ᠢᠵᠢᠲ᠋ᠠᠯ ᠠᠵᠤ ᠠᠬᠤᠢ ᠪᠣᠯᠣᠨ | ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠰᠦᠯᠵᠢᠶᠡᠨ ᠤ ᠬᠤᠷᠳᠤᠴᠠ ᠶᠢ | ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ ᠶᠢ | ᠬᠥᠭᠵᠢᠭᠦᠯᠪᠡ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠶᠢᠨ ᠲᠤᠭ᠎ᠠ 14.5 ᠳ᠋ᠦᠩᠰᠢᠭᠤᠷ ᠪᠤᠯᠳᠠᠯ᠎ᠠ | ᠨᠡᠮᠡᠭᠳᠡᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠳᠠᠮᠵᠢᠵᠤ᠂ ᠥᠢᠯᠡᠳᠭᠦ ᠦᠢᠯᠡᠰ ᠤᠨ | ᠳ᠋ᠢᠵᠢᠲ᠋ᠠᠯᠴᠢᠯᠠᠯᠳᠠ ᠣᠶᠤᠨᠴᠢᠯᠠᠯᠲᠠ ᠶᠢ ᠬᠦᠴᠦᠲᠡᠢ ᠠᠬᠢᠭᠤᠯᠪᠠ᠃ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ | ᠵᠢᠵᠢᠭ ᠠᠵᠤ ᠠᠬᠤᠶᠢᠯᠠᠯ 7 ᠲᠦᠮᠡ ᠭᠠᠷᠤᠢ ᠪᠣᠯᠪᠠ᠃ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠦᠷᠭᠦᠯᠵᠢᠯᠡᠨ | ᠭᠦᠭᠵᠢᠭᠦ ᠶᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ᠂ ᠬᠡᠷᠡᠭᠯᠡᠭᠡᠨ ᠤ ᠵᠠᠬ᠎ᠠ | ᠳᠡᠯᠭᠡᠭᠦᠷ ᠢ ᠥᠷᠭᠡᠳᠬᠡᠬᠦ᠂ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠭᠦ ᠵᠡᠷᠭᠡ ᠦᠢᠯᠡᠳᠦᠯ ᠢ ᠨᠢ | ᠪᠠᠳᠠᠷᠠᠭᠤᠯᠪᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ | ᠪᠠᠶᠢᠴᠠᠭᠠᠨ ᠰᠢᠯᠭᠠᠬᠤ ᠪᠠᠶᠢᠴᠠᠭᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠢ ᠬᠥᠭᠵᠢᠭᠦᠯᠪᠡ᠃ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠳᠤᠮᠳᠠᠳᠤ ᠤᠯᠤᠰ ᠤᠨ ᠦᠢᠯᠡᠳᠭᠦ ᠦᠢᠯᠡᠰ ᠤᠨ | ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︵ᠲᠠᠪᠤ︶ ᠤᠯᠤᠰ ᠤᠨ | ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ | ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠪᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ | ᠲᠠᠢ ᠤᠶᠠᠯᠳᠤᠭᠤᠯᠤᠨ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠰᠠᠭᠤᠷᠢᠯᠠᠵᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ | ᠤᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢ ᠨᠡᠩ ᠤᠯᠠᠨ ᠪᠣᠶᠢᠵᠢᠭᠤᠯᠪᠠ᠃ | ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠪᠡ᠃ ᠬᠢᠵᠢᠭ ᠡᠭᠦᠰᠭᠦ ᠠᠴᠠ | ᠡᠮᠦᠨ᠎ᠡ᠂ ᠬᠡᠷᠡᠭᠯᠡᠭᠡ ᠨᠢ ᠨᠢᠭᠡᠨᠲᠡ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ | ᠪᠣᠯᠵᠠᠢ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭᠠᠰᠤᠭᠰᠠᠨ ᠪᠠᠶᠢᠳᠠᠯ ᠳᠤ ᠬᠠᠨᠳᠤᠭᠤᠯᠤᠨ᠂ ᠪᠢᠳᠡ ᠬᠡᠷᠡᠭᠯᠡᠭᠡ | ᠶᠢ ᠠᠯᠢ ᠲᠦᠷᠭᠡᠨ ᠢᠶᠠᠷ ᠰᠡᠷᠭᠦᠭᠡᠬᠦ ᠶᠢ ᠠᠬᠢᠭᠤᠯᠪᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ | ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠳᠡᠭᠡᠭᠰᠢᠯᠡᠭᠦᠯᠪᠡ᠃ ᠮᠠᠰᠢᠨ | ᠲᠡᠷᠭᠡ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠭᠡᠮ ᠬᠡᠷᠡᠭᠯᠡᠭᠡ ᠶᠢ ᠳᠠᠮᠵᠢᠵᠤ᠂ ᠮᠠᠰᠢᠨ ᠲᠡᠷᠭᠡᠨ ᠤ ᠬᠠᠳᠠᠭᠠᠯᠠᠯᠲᠠ ᠶᠢᠨ | ᠬᠡᠮᠵᠢᠶ᠎ᠡ 3 ᠳ᠋ᠦᠩᠰᠢᠭᠤᠷ ᠢ ᠳᠠᠪᠠᠵᠤ᠂ 46.7% ᠪᠠᠷ ᠨᠡᠮᠡᠭᠳᠡᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠳᠤ ᠡᠵᠡᠯᠡᠭᠦ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ | ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ 15.8% ᠪᠠᠶᠢᠭᠰᠠᠨ ᠠᠴᠠ ᠪᠠᠨ 27.2% ᠪᠤᠯᠳᠡᠯ᠎ᠠ ᠳᠡᠭᠡᠭᠰᠢᠯᠡᠪᠡ᠃ | ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠭᠦ ᠬᠤᠳᠠᠯᠳᠤᠭ᠎ᠠ ᠶᠢ ᠬᠥᠭᠵᠢᠭᠦᠯᠵᠦ᠂ ᠬᠥᠳᠡᠭᠡ | ᠲᠣᠰᠬᠤᠨ ᠤ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠢᠰᠲ᠋ᠧᠮ ᠢ | ᠲᠡᠭᠦᠯᠳᠡᠷᠵᠢᠭᠦᠯᠪᠡ᠃ ᠵᠢᠭᠤᠯᠴᠢᠯᠠᠯ ᠤᠨ ᠦᠢᠯᠡᠰ ᠢ ᠬᠠᠪᠰᠤᠷᠤᠨ ᠲᠡᠳᠬᠦᠵᠦ ᠬᠥᠭᠵᠢᠭᠦᠯᠪᠡ᠃ ᠳᠤᠲᠠᠭᠤᠳᠠᠯ ᠢ | ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠰᠡᠯᠭᠦᠭᠦ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠪᠡ᠃ ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ | ᠲᠣᠭᠲᠠᠴᠠ ᠶᠢᠨ ᠰᠢᠨ᠎ᠡ ᠶᠢ ᠡᠭᠦᠳᠴᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠲᠥᠯᠥᠨ | ᠵᠢᠯᠣᠭᠤᠳᠤᠭᠰᠠᠨ ᠪᠠ ᠬᠥᠰᠢᠨ ᠬᠥᠳᠡᠯᠭᠡᠭᠰᠡᠨ ᠨᠡᠶᠢᠭᠡᠮ ᠤᠨ ᠪᠡᠯᠡ ᠤᠷᠤᠭᠤᠯᠤᠯᠳᠠ ᠳᠠᠭᠢᠨ ᠢᠶᠠᠷ ᠨᠡᠮᠡᠭᠳᠡᠵᠦ᠂ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ | ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠶᠢᠨ ᠰᠤᠷᠪᠤᠯᠵᠢ᠂ ᠮᠡᠳᠡᠭᠡ ᠵᠠᠩᠭᠢ ᠵᠡᠷᠭᠡ ᠰᠠᠭᠤᠷᠢ | ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠳᠡᠮᠵᠢᠵᠥ᠂ ᠨᠡᠶᠢᠭᠡᠮ ᠤᠨ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ | ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠳᠠᠶᠢᠴᠢᠯᠠᠪᠡ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠪᠠ᠃ | ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ | ᠭᠠᠵᠠᠷ ᠣᠷᠣᠨ ᠢ ᠤᠷᠢᠳ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ | ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠡᠭᠦᠨ ᠬᠡᠰᠡᠭ ᠤᠨ ᠭᠠᠵᠠᠷ ᠣᠷᠣᠨ ᠠᠴᠠ | ᠶᠡᠷᠦᠩᠬᠡᠢ ᠳᠡᠭᠡᠨ ᠥᠨᠳᠥᠷ ᠪᠣᠯᠪᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ | ᠣᠷᠣᠨ᠂ ᠬᠢᠯᠢ ᠬᠢᠵᠠᠭᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠡᠳ᠋ ᠤᠨ ᠵᠠᠰᠠᠭ ᠠᠴᠠ | ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠲᠠᠪᠤᠨ ᠵᠢᠯ ᠤᠨ ᠡᠮᠦᠨᠡᠬᠢ ᠠᠴᠠ 66. | 8% ᠪᠠᠷ ᠨᠡᠮᠡᠭᠳᠡᠭᠦᠯᠪᠡ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ | ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠪᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠪᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠪᠡ᠃ ᠠᠵᠤ ᠠᠬᠤᠢ ᠨᠢ ᠬᠦᠴᠢᠷᠳᠡᠯ ᠲᠠᠢ ᠭᠠᠵᠠᠷ | ᠣᠷᠣᠨ ᠤ ᠬᠥᠭᠵᠢᠯᠲᠡ ᠶᠢ ᠳᠠᠮᠵᠢᠵᠤ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ | ᠬᠤᠪᠢᠷᠠᠭᠤᠯᠤᠨ ᠭᠦᠭᠵᠢᠭᠦ ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠳᠠᠶᠢᠴᠢᠯᠠᠬᠤ ᠦᠢᠯᠡᠳᠦᠯ ᠢᠶᠠᠨ ᠨᠠᠩ | ᠶᠡᠭᠡ ᠪᠠᠳᠠᠷᠠᠭᠤᠯᠬᠤ ᠶᠢ ᠵᠣᠷᠢᠭᠵᠢᠭᠤᠯᠵᠤ᠂ ᠨᠠᠩ ᠣᠯᠠᠨ ᠰᠢᠨ᠎ᠡ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠤᠶ | ᠪᠤᠯᠭᠠᠬᠤ ᠶᠢ ᠠᠬᠢᠭᠤᠯᠪᠠ᠃ | ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠦᠷᠭᠦᠯᠵᠢᠯᠡᠨ ᠠᠬᠢᠭᠤᠯᠪᠠ᠃ | ᠮᠠᠨ ᠤ ᠤᠯᠤᠰ ᠮᠥᠨ ᠬᠦ ᠬᠤᠲᠠ ᠪᠠᠯᠭᠠᠰᠤᠵᠢᠯᠲᠠ ᠶᠢᠨ ᠶᠠᠪᠤᠴᠠ ᠳᠤ ᠣᠷᠣᠰᠢᠵᠤ᠂ ᠵᠢᠯ ᠪᠦᠷᠢ ᠬᠥᠳᠡᠭᠡ ᠲᠣᠰᠬᠤᠨ ᠤ | ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭᠠᠰᠤ ᠳᠤ ᠰᠢᠯᠵᠢᠵᠦ ᠪᠠᠶᠢᠨ᠎ᠠ᠃ ᠬᠤᠲᠠ ᠢᠯᠠᠩᠭᠤᠶ᠎ᠠ ᠰᠢᠶᠠᠨ ᠤ | ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠢ ᠨᠡᠮᠡᠭᠳᠡᠭᠦᠯᠪᠡ᠃ | ᠬᠤᠲᠠ ᠪᠠᠯᠭᠠᠰᠤᠨ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠲᠥᠷᠥᠯ ᠬᠤᠪᠢᠶᠠᠨ ᠠᠭᠤᠵᠢᠭᠤ ᠲᠠᠯᠪᠢᠭᠰᠠᠨ ᠪᠤᠶᠤ | ᠬᠦᠴᠦᠨ ᠦᠭᠡᠢ ᠪᠤᠯᠭᠠᠵᠤ᠂ ᠠᠷᠪᠠᠨ ᠵᠢᠯ ᠳᠤ ᠬᠥᠳᠡᠭᠡ ᠳᠤᠰᠬᠤᠨ ᠤ 1.4 ᠳ᠋ᠦᠡᠭᠰᠢᠭᠤᠷ ᠬᠥᠮᠥᠨ ᠠᠮᠠ ᠬᠤᠳᠠ | ᠪᠠᠯᠭᠠᠰᠤᠨ ᠳᠤ ᠡᠷᠦᠭᠡ ᠠᠮᠠ ᠪᠠᠨ ᠣᠷᠣᠭᠤᠯᠪᠠ᠃ ᠬᠤᠳᠠ ᠶᠢᠨ ᠪᠥᠭᠡᠭᠡᠨᠡᠷᠡᠯ ᠪᠠ ᠶᠡᠭᠡ ᠬᠤᠳᠠ ᠶᠢᠨ ᠴᠠᠭᠠᠷᠢᠭ ᠢ ᠡᠮᠬᠢ | ᠵᠢᠷᠤᠮ ᠲᠠᠢ ᠪᠠᠷ ᠬᠥᠭᠵᠢᠭᠦᠯᠵᠦ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ | ᠴᠧᠩᠳᠦ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠪᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠯᠭᠠᠬᠤ ᠶᠢᠨ ᠲᠥᠯᠥᠭᠡ | ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠬᠠᠩᠭᠠᠯᠭ᠎ᠠ ᠶᠢ ᠥᠷᠭᠡᠳᠬᠡᠵᠦ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠭᠠᠵᠠᠷ ᠰᠢᠷᠣᠢ ᠶᠢᠨ ᠦᠨ᠎ᠡ᠂ ᠭᠡᠷ ᠪᠠᠶᠢᠰᠢᠩ ᠤᠨ ᠦᠨ᠎ᠡ | ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠪᠠ᠃ ᠬᠤᠲᠠ | ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮᠲᠤ ᠵᠠᠮ ᠬᠠᠷᠢᠯᠴᠠᠭᠠᠨ ᠤ | ᠡᠵᠡᠩᠨᠡᠯᠲᠡ ᠶᠢᠨ ᠵᠠᠮ ᠤᠨ ᠤᠷᠳᠤ 4500 ᠭᠠᠷᠤᠢ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ ᠲᠦᠮᠡ ᠰᠢᠬᠠᠮ | ᠺᠢᠯᠣᠮᠧᠲᠷ ᠲᠤ ᠬᠦᠷᠴᠦ᠂ ᠤᠰᠤ ᠵᠠᠯᠠᠬᠤ ᠬᠤᠭᠤᠯᠠᠢ 63 ᠲᠦᠮᠡᠨ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ 89 | ᠲᠦᠮᠡᠨ ᠺᠢᠯᠣᠮᠧᠲᠷ ᠪᠣᠯᠪᠠ᠃ ᠬᠤᠲᠠ ᠪᠠᠯᠭᠠᠰᠤᠨ ᠤ 16.7 ᠲᠦᠮᠡᠨ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠵᠤ᠂ 2900 ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | ︵ᠵᠢᠷᠭᠤᠭ᠎ᠠ︶ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠪᠡ᠃ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ | ᠤᠨ ᠦᠢᠯᠡᠳᠪᠦᠷᠢᠯᠡᠯ ᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠪᠠ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠮᠤ ᠪᠤᠳᠠᠭ᠎ᠠ ᠲᠠᠷᠢᠬᠤ | ᠲᠠᠯᠠᠪᠠᠢ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠲᠠᠷᠢᠬᠤ ᠶᠢ | ᠥᠷᠭᠡᠳᠬᠡᠵᠦ᠂ ᠦᠢᠯᠡᠳᠪᠦᠷᠢᠯᠡᠯ ᠤᠨ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠲᠠᠯᠠᠪᠠᠢ ᠨᠢᠭᠡᠴᠢ ᠶᠢᠨ | ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠲᠥᠷᠥ ᠶᠢᠨ ᠪᠣᠳᠣᠯᠭ᠎ᠠ | ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠥᠭᠬᠦ ᠨᠥᠬᠦᠪᠦᠷᠢ ᠶᠢ ᠲᠣᠭᠲᠠᠪᠤᠷᠢᠵᠢᠭᠤᠯᠵᠤ᠂ | ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠵᠤ᠂ ᠠᠮᠤ | ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠭᠦᠭᠢᠭᠦᠯᠭᠦ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠪᠡ᠃ ᠲᠠᠷᠢᠶᠠᠨ ᠭᠠᠵᠠᠷ ᠤᠨ | ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ | ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 4.56 ᠳ᠋ᠦᠩᠰᠢᠭᠤᠷ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ | ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠵᠡᠷᠭᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠮᠠᠯ ᠤᠨ | ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠨᠤᠷᠮ᠎ᠠ 67% ᠪᠠᠶᠢᠭᠰᠠᠨ | ᠠᠴᠠ ᠪᠠᠨ ᠳᠡᠭᠡᠭᠰᠢᠯᠡᠭᠡᠳ 73% ᠪᠣᠯᠪᠠ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ | ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠪᠠ᠂ ᠢᠮᠠᠭᠲᠠ | ᠴᠥᠬᠦᠷᠡᠰᠢ ᠦᠭᠡᠢ ᠪᠠᠷ 14 ᠳ᠋ᠥᠡᠭᠰᠢᠭᠤᠷ ᠭᠠᠷᠤᠢ ᠳᠤᠮᠳᠠᠳᠤ ᠤᠯᠤᠰ ᠤᠨ ᠬᠥᠮᠥᠨ ᠤ ᠬᠤᠭᠤᠯᠠ ᠬᠦᠨᠡᠰᠦ ᠪᠠᠨ ᠥᠪᠡᠷ | ᠤᠨ ᠬᠦᠴᠦᠨ ᠳᠡᠭᠡᠨ ᠪᠠᠲᠤ ᠲᠦᠰᠢᠭᠯᠡᠨ ᠰᠢᠢᠳᠪᠦᠷᠢᠯᠡᠬᠦ ᠶᠢ ᠪᠠᠲᠤᠯᠠᠪᠠ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ | ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠶᠢᠨ | ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠱᠠᠲᠤ ᠥᠶᠡᠴᠢ ᠴᠢᠨᠠᠷᠲᠠᠢ ᠡᠭᠦᠷᠭᠡ ᠶᠢ ᠪᠡᠶᠡᠯᠡᠭᠦᠯᠵᠦ᠂ | ᠣᠯᠠᠨ ᠵᠦᠢᠯ ᠤᠨ ᠭᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠭᠡᠷ ᠪᠦᠯᠢ | ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ ᠰᠠᠶᠢᠲᠤᠷ ᠠᠳᠬᠤᠵᠤ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠪᠡ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠦᠷᠭᠦᠯᠵᠢᠯᠡᠨ ᠴᠡᠭᠴᠡᠯᠡᠨ ᠵᠠᠰᠠᠵᠤ᠂ ᠤᠰᠤ ᠴᠠᠭᠢᠯᠭᠠᠨ ᠵᠠᠮ ᠬᠡᠢ ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠦ ᠰᠢᠶᠠᠩ ᠪᠠᠯᠭᠠᠰᠤ ᠪᠣᠯᠣᠨ | ᠪᠠᠶᠢᠭᠤᠯᠤᠯᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ ᠤᠨ ᠮᠠᠰᠢᠨ ᠲᠡᠷᠭᠡ ᠨᠡᠪᠲᠡᠷᠡᠭᠦᠯᠬᠦ ᠶᠢ | ᠪᠡᠶᠡᠯᠡᠭᠦᠯᠵᠦ᠂ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 80% ᠪᠠᠶᠢᠭᠰᠠᠨ ᠠᠴᠠ ᠪᠠᠨ | ᠳᠡᠭᠡᠭᠰᠢᠯᠡᠭᠡᠳ 87% ᠪᠣᠯᠵᠤ᠂ ᠤᠯᠠᠨ ᠵᠢᠯ ᠳᠤ ᠬᠥᠳᠡᠭᠡ ᠲᠣᠰᠬᠤᠨ ᠤ ᠨᠡᠶᠢᠳᠠ 2400 ᠭᠠᠷᠤᠢ ᠲᠦᠮᠡᠨ ᠡᠷᠦᠭᠡ | ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ | ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ | ᠃ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ | ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠬᠥᠯᠥᠰᠦᠨ ᠠᠵᠢᠯᠴᠢᠨ | ᠤ ᠣᠯᠬᠤ ᠶᠣᠰᠣᠲᠠᠢ ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ ᠣᠯᠬᠤ ᠶᠢ ᠪᠠᠲᠤᠯᠠᠬᠤ ᠶᠢᠨ ᠲᠥᠯᠥᠭᠡ᠂ | ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ | ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠮᠠᠭᠤ ᠰᠠᠨᠠᠭ᠎ᠠ | ᠲᠠᠢ ᠪᠠᠷ ᠥᠷᠢᠲᠦᠵᠦ ᠬᠤᠶᠢᠰᠢᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ︵ᠲᠤᠯᠤᠭ᠎ᠠ︶ ᠭᠠᠳᠠᠭᠰᠢ ᠨᠡᠭᠡᠭᠡᠯᠲᠡ ᠬᠢᠬᠦ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠬᠠᠷᠢᠯᠴᠠᠨ ᠠᠰᠢᠭ | ᠣᠯᠭᠤᠵᠤ ᠬᠠᠮᠲᠤ ᠪᠠᠷ ᠲᠤᠰᠠ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠪᠡ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠪᠢᠳᠡ ᠨᠡᠩ ᠢᠳᠡᠪᠬᠢᠲᠡᠢ | ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠨᠳᠥᠷ ᠲᠦᠪᠰᠢᠨ ᠤ | ᠨᠡᠭᠡᠭᠡᠯᠲᠡ ᠪᠠᠷ ᠥᠭᠡᠷᠡᠴᠢᠯᠡᠯᠲᠡ ᠬᠥᠭᠵᠢᠯᠲᠡ ᠶᠢ ᠨᠡᠩ ᠬᠦᠴᠦᠲᠡᠢ ᠠᠬᠢᠭᠤᠯᠪᠠ᠃ | ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠴᠢᠨᠠᠷ ᠢ ᠨᠢ | ᠳᠡᠭᠡᠭᠰᠢᠯᠡᠭᠦᠯᠭᠦ ᠶᠢ ᠠᠬᠢᠭᠤᠯᠪᠠ᠃ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ᠂ ᠢᠲᠡᠭᠡᠮᠵᠢᠲᠦ ᠳᠠᠭᠠᠳᠬᠠᠯ | ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ | ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠶᠢ ᠭᠦᠢᠴᠡᠳᠬᠡᠬᠦ ᠴᠠᠭ ᠢ ᠪᠣᠭᠤᠨᠢᠰᠬᠠᠭᠠᠳ 6 | ᠠᠵᠢᠯ ᠤᠨ ᠡᠳᠦᠷ ᠢᠶᠠᠷ ᠬᠢᠵᠠᠭᠠᠷᠯᠠᠪᠠ᠃ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ | ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠬᠥᠭᠵᠢᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ 152 ᠰᠢᠨ᠎ᠡ ᠪᠠᠷ ᠪᠠᠶᠢᠭᠤᠯᠵᠤ᠂ ᠨᠢᠭᠡ | ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠪᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ | ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ | ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠤᠨ ᠦᠢᠯᠡᠳᠦᠯ ᠢ ᠪᠠᠳᠠᠷᠠᠭᠤᠯᠪᠠ᠃ ᠪᠣᠭᠤᠮᠲᠠ ᠪᠠᠷ ᠥᠩᠭᠡᠷᠡᠬᠦ | ᠶᠢ ᠳᠥᠲᠡᠴᠢᠯᠡᠬᠦ ᠶᠢ ᠠᠬᠢᠭᠤᠯᠵᠤ᠂ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ | ᠥᠩᠭᠡᠷᠡᠬᠦ ᠴᠠᠭ ᠢ ᠲᠤᠰ ᠲᠤᠰ 67% ᠪᠠ 92% ᠢᠶᠠᠷ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠲᠣᠭᠲᠠᠭᠠᠯ ᠳᠤ ᠨᠡᠶᠢᠴᠡᠭᠦᠯᠬᠦ ᠥᠪᠡᠷ ᠤᠨ ᠦᠷᠳᠡᠭ ᠢᠯᠡᠳᠲᠡ ᠪᠠᠭᠤᠷᠠᠪᠠ᠃ | ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 9.8% ᠪᠠᠶᠢᠭᠰᠠᠨ ᠠᠴᠠ ᠪᠠᠨ ᠪᠠᠭᠤᠷᠠᠭᠠᠳ 7.4% ᠪᠣᠯᠪᠠ᠃ | ᠦᠢᠯᠡᠴᠢᠯᠡᠭᠡᠨ ᠤ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ | ᠬᠠᠭᠤᠳᠠᠰᠤ ᠶᠢ ᠬᠡᠷᠡᠭᠵᠢᠭᠦᠯᠪᠡ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠨᠡᠮᠡᠭᠳᠡᠯ | ᠨᠢ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃ | ᠭᠠᠳᠠᠭᠠᠳᠤ ᠪᠡᠯᠡ ᠶᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ᠃ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠯᠳᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠭᠠᠳᠠᠭᠠᠳᠤ ᠪᠡᠯᠡ ᠶᠢᠨ | ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠪᠦᠭᠦ ᠤᠯᠤᠰ ᠪᠠ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠵᠦᠢᠯ ᠤᠨ ᠲᠤᠭ᠎ᠠ ᠶᠢ | ᠲᠣᠰ ᠲᠤᠰ 51% ᠪᠠ 72% ᠢᠶᠠᠷ ᠪᠠᠭᠠᠰᠬᠠᠨ᠂ ᠥᠢᠯᠡᠳᠭᠦ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠪᠦᠭᠦ | ᠲᠠᠯ᠎ᠠ ᠪᠠᠷ ᠴᠢᠯᠦᠭᠡᠲᠡᠢ ᠲᠠᠯᠪᠢᠵᠤ᠂ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡᠨᠲᠡ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠪᠠᠶᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠢᠶᠠᠷ ᠠᠬᠢᠭᠤᠯᠪᠠ᠃ ᠡᠯ᠎ᠡ ᠭᠠᠵᠠᠷ ᠣᠷᠣᠨ ᠤ ᠬᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ ᠭᠠᠳᠠᠭᠠᠳᠤ ᠪᠡᠯᠡ | ᠶᠢ ᠠᠬᠢᠭᠤᠯᠬᠤ ᠦᠢᠯᠡᠴᠢᠯᠡᠭᠡ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠰᠥᠯ ᠢ | ᠵᠣᠯᠭᠠᠯᠳᠤᠭᠤᠯᠬᠤ ᠡᠷᠴᠢᠮ ᠢᠶᠠᠨ ᠴᠢᠩᠭᠠᠷᠠᠭᠤᠯᠪᠠ᠃ ᠭᠠᠳᠠᠭᠠᠳᠤ ᠪᠡᠯᠡ ᠶᠢᠨ ᠨᠢᠭᠡ ᠪᠦᠯᠦᠭ ᠲᠣᠮᠣ ᠲᠥᠰᠥᠯ ᠢ | ᠨᠠᠶᠢᠳᠠᠪᠤᠷᠢᠵᠢᠭᠤᠯᠵᠤ᠂ ᠮᠠᠨ ᠤ ᠤᠯᠤᠰ ᠦᠷᠭᠦᠯᠵᠢᠯᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠵᠢᠯ | ᠦᠢᠯᠡᠰ ᠬᠥᠭᠵᠢᠭᠦᠯᠬᠦ ᠬᠠᠯᠠᠭᠤᠨ ᠥᠯᠥᠭᠡᠢ ᠪᠣᠯᠪᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠠᠬᠢᠭᠤᠯᠪᠠ᠃ ᠬᠠᠮᠲᠤ ᠪᠠᠷ | ᠵᠥᠪᠳᠡᠭᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠠᠷᠴᠢᠮ ᠪᠠ ᠣᠯᠠᠨ | ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠵᠤ᠂ ᠨᠢᠭᠡ ᠪᠦᠯᠦᠭ ᠬᠤᠯᠪᠣᠨ ᠨᠡᠪᠲᠡᠷᠡᠭᠦᠯᠬᠦ ᠪᠠ ᠦᠢᠯᠡᠳᠪᠦᠷᠢᠯᠡᠬᠦ | ᠴᠢᠳᠠᠪᠤᠷᠢ ᠶᠢᠨ ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ᠂ ᠵᠠᠮ ᠳᠠᠭᠠᠤ ᠶᠢᠨ ᠤᠯᠤᠰ ᠯᠤᠭ᠎ᠠ ᠶᠢᠨ ᠡᠳ᠋ ᠪᠠᠷᠠᠭᠠᠨ ᠤ | ᠭᠠᠳᠠᠭᠠᠳᠤ ᠣᠷᠣᠭᠤᠯᠥᠯᠳᠡ ᠪᠠ ᠭᠠᠳᠠᠭᠠᠳᠤ ᠭᠠᠷᠭᠠᠯᠲᠠ ᠶᠢᠨ ᠲᠤᠭ᠎ᠠ ᠵᠢᠯ ᠳᠤᠮᠳᠠᠴᠢ ᠪᠠᠷ 13.4% ᠪᠠᠷ ᠨᠡᠮᠡᠭᠳᠡᠵᠦ᠂ | ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠪᠠᠷᠠᠭᠤᠨ ᠬᠡᠰᠡᠭ ᠤᠨ ᠭᠠᠵᠠᠷ | ᠣᠷᠣᠨ ᠤ ᠳᠠᠯᠠᠢ ᠬᠠᠭᠤᠷᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠠᠳᠠᠭᠠᠳᠤ | ᠪᠡᠯᠡ ᠣᠷᠣᠭᠤᠯᠥᠯᠳᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠭᠦᠭᠵᠢᠭᠦ ᠶᠢ ᠬᠥᠲᠥᠯᠥᠨ ᠵᠢᠯᠤᠭᠤᠳᠴᠤ᠂ ᠬᠢᠯᠢ ᠶᠢᠨ | ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ 6 ᠴᠢᠯᠦᠭᠡᠲᠦ ᠠᠷᠠᠯᠵᠢᠶᠠᠨ ᠤ ᠬᠡᠯᠡᠯᠴᠡᠭᠡᠷ | ᠢ ᠰᠢᠨ᠎ᠡ ᠪᠠᠷ ᠲᠣᠭᠲᠠᠭᠠᠭᠰᠠᠨ ᠪᠠ ᠲᠡᠰ ᠢ ᠨᠢ ᠳᠡᠪᠰᠢᠭᠦᠯᠵᠦ᠂ ᠴᠢᠯᠦᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠡᠳ᠋ | ᠪᠠᠷᠠᠭᠠᠨ ᠤ ᠭᠠᠳᠠᠭᠠᠳᠤ ᠣᠷᠣᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠲᠤᠭ᠎ᠠ ᠶᠢᠨ ᠡᠵᠡᠯᠡᠭᠦ ᠬᠠᠷᠢᠴᠠᠯ 26% | ᠪᠠᠶᠢᠭᠰᠠᠨ ᠠᠴᠠ ᠪᠠᠨ 35% ᠣᠷᠴᠢᠮ ᠪᠤᠯᠳᠡᠯ᠎ᠠ ᠳᠡᠭᠡᠭᠰᠢᠯᠡᠪᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ | ᠪᠠᠲᠤ ᠬᠠᠮᠠᠭᠠᠯᠠᠵᠤ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠵᠦ᠂ ᠠᠵᠤ ᠠᠬᠤᠢ ᠠᠷᠠᠯᠵᠢᠶᠠᠨ ᠤ ᠥᠷᠥᠯᠳᠥᠭᠡᠨ | ᠢ ᠯᠠᠪᠳᠠᠭᠤᠨ ᠲᠣᠬᠢᠲᠠᠢ ᠠᠷᠭᠠᠴᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠳᠡᠴᠢᠯᠡᠯᠳᠡ ᠶᠢ | ᠠᠬᠢᠭᠤᠯᠪᠠ᠃ | ︵ᠨᠠᠢᠮᠠ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠪᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠡᠠ | ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ | ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠪᠣᠬᠢᠷᠳᠤᠯ ᠢ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠪᠣᠬᠢᠷᠳᠤᠯ ᠢ | ᠨᠠᠷᠢᠯᠢᠭ ᠣᠨᠣᠴᠠᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠢ | ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠠᠬᠢᠭᠤᠯᠪᠠ᠃ ᠤᠯᠠᠨ ᠪᠣᠬᠢᠷᠲᠤᠭᠤᠯᠬᠤ | ᠪᠣᠳᠠᠰ ᠢ ᠬᠠᠮᠵᠢᠯᠴᠠᠨ ᠵᠠᠰᠠᠬᠤ ᠪᠠ ᠣᠷᠣᠨ ᠪᠦᠰᠡ ᠪᠠᠷ ᠢᠶᠠᠨ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠢᠵᠠᠭᠠᠷᠯᠠᠬᠤ ᠶᠢ | ᠴᠢᠬᠤᠯᠠᠴᠢᠯᠠᠵᠤ᠂ ᠲᠤᠰᠬᠠᠢ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ | ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 86.5% ᠳᠤ ᠬᠦᠷᠴᠦ᠂ 4 ᠵᠠᠭᠤᠨ ᠤ ᠨᠢᠭᠡᠴᠢ ᠪᠠᠷ | ᠳᠡᠭᠡᠭᠰᠢᠯᠡᠪᠡ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ ᠦᠮᠡᠬᠡᠢ ᠤᠰᠤᠨ | ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ᠂ ᠡᠷᠭᠢ ᠣᠶᠢᠷᠠᠯᠴᠠᠭ᠎ᠠ | ᠲᠡᠯᠡᠶ ᠶᠢᠨ ᠣᠷᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠪᠠ᠃ ᠬᠥᠷᠥᠰᠥ ᠰᠢᠷᠣᠢ ᠶᠢᠨ ᠪᠣᠬᠢᠷᠳᠤᠯ ᠤᠨ | ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ ᠤᠨ ᠵᠠᠰᠠᠯᠲᠠ ᠶᠢ ᠴᠢᠩᠭᠠᠳᠬᠠᠪᠠ᠃ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ | ᠪᠦᠭᠦ ᠲᠠᠯ᠎ᠠ ᠪᠠᠷ ᠵᠠᠭᠠᠭᠯᠠᠨ ᠲᠣᠭᠲᠠᠭᠠᠪᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠣᠭᠤᠷᠢᠮ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠢᠭᠡ | ᠪᠦᠯᠦᠭ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ᠃ ᠬᠥᠬᠡᠮᠥ᠋ᠷᠡᠨ | ᠢ ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠠᠳᠬᠤᠬᠤ ᠶᠢ ᠠᠬᠢᠭᠤᠯᠵᠤ᠂ ᠬᠥᠬᠡᠮᠥ᠋ᠷᠡᠨ ᠤ ᠰᠠᠪᠠ ᠭᠠᠵᠠᠷ ᠤᠨ | ᠭᠤᠣᠯᠳᠠᠯᠭ᠎ᠠ ᠲᠠᠢ ᠤᠰᠤᠨ ᠣᠷᠣᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠭᠦᠨᠵᠡᠭᠡᠢ ᠬᠡᠷᠡᠭᠵᠢᠭᠦᠯᠪᠡ᠃ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠪᠠ᠃ ᠠᠮᠢ ᠠᠬᠤᠢ ᠶᠢᠨ ᠬᠠᠮᠠᠭᠠᠯᠠᠯᠲᠠ | ᠶᠢᠨ ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠪᠡ᠃ ᠣᠢ ᠰᠢᠭᠤᠢ ᠶᠢᠨ ᠪᠦᠷᠬᠦᠴᠡ 24% ᠳᠤ ᠬᠦᠷᠴᠦ᠂ ᠨᠤᠲᠤᠭ | ᠪᠡᠯᠴᠢᠭᠡᠷ ᠤᠨ ᠤᠷᠭᠤᠮᠠᠯ ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠴᠥᠮ 50% | ᠠᠴᠠ ᠳᠡᠭᠡᠭᠰᠢ ᠳᠤ ᠬᠦᠷᠴᠦ᠂ ᠬᠥᠷᠥᠰᠥ ᠰᠢᠷᠣᠢ ᠢᠳᠡᠭᠳᠡᠭᠰᠡᠨ᠂ ᠴᠦᠯᠵᠢᠭᠰᠡᠨ᠂ ᠡᠯᠡᠰᠦᠷᠬᠡᠭᠵᠢᠭᠰᠡᠨ ᠭᠠᠵᠠᠷ ᠰᠢᠷᠣᠢ | ᠶᠢᠨ ᠲᠠᠯᠠᠪᠠᠢ ᠶᠢ ᠲᠣᠰ ᠲᠣᠰ 10.6 ᠲᠦᠮᠡ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ ᠺᠢᠯᠣᠮᠧᠲᠷ | ᠪᠠᠭᠠᠰᠬᠠᠪᠠ᠃ ᠠᠷᠠᠳ ᠤᠯᠠᠨ ᠳᠤ ᠬᠥᠬᠡ ᠣᠭᠲᠠᠷᠭᠤᠢ ᠬᠥᠪᠥᠩ ᠴᠠᠭᠠᠨ ᠡᠭᠦᠯᠡ᠂ ᠬᠥᠬᠡᠮᠳᠦᠭ ᠠᠭᠤᠯᠠ ᠨᠣᠮᠢᠨ ᠴᠡᠩᠬᠡᠷ | ᠤᠰᠤ ᠶᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠯᠠᠪᠳᠠᠭᠤᠨ ᠢᠶᠠᠷ | ᠠᠬᠢᠭᠤᠯᠪᠠ᠃ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠪᠠ ᠨᠣᠭᠤᠭᠠᠨ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠰᠠᠭᠠᠷᠮᠠᠭᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠡᠨᠧᠷᠭᠢ ᠶᠢᠨ | ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ᠂ ᠭᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠡᠶᠡᠯᠡᠭᠦᠯᠦᠭᠰᠡᠨ | ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ 10.5 ᠳ᠋ᠦᠩᠰᠢᠭᠤᠷ ᠺᠢᠯᠣᠸᠠᠲ ᠢ ᠳᠠᠪᠠᠵᠤ᠂ ᠳᠠᠭᠢᠨ ᠡᠭᠦᠰᠴᠦ | ᠪᠤᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6.5 ᠳ᠋ᠦᠩᠰᠢᠭᠤᠷ ᠺᠢᠯᠣᠸᠠᠲ ᠪᠠᠶᠢᠭᠰᠠᠨ | ᠠᠴᠠ ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ ᠢ ᠳᠠᠪᠠᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡᠨ ᠤ ᠡᠵᠡᠯᠡᠭᠦ ᠬᠠᠷᠢᠴᠠᠯ 20.8% ᠪᠠᠶᠢᠭᠰᠠᠨ ᠠᠴᠠ ᠪᠠᠨ ᠳᠡᠭᠡᠭᠰᠢᠯᠡᠭᠡᠳ 25% ᠠᠴᠠ ᠳᠡᠭᠡᠭᠰᠢ ᠪᠣᠯᠪᠠ᠃ | ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠨᠣᠭᠤᠭᠠᠨ ᠠᠵᠤ ᠦᠢᠯᠡᠰ ᠪᠠ ᠣᠷᠴᠢᠯ ᠠᠵᠤ | ᠠᠬᠤᠢ ᠶᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠮᠡᠷᠭᠡᠵᠢᠯ ᠪᠠ ᠦᠢᠯᠡᠳᠬᠦᠨ ᠢ | ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠪᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠳᠠᠪᠬᠤᠷ | ᠢᠰᠦᠯ ᠢ ᠬᠤᠷᠠᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠣᠭᠤᠭᠠᠨ ᠬᠥᠭᠵᠢᠯᠲᠡ ᠳᠠᠬᠢ ᠮᠥᠩᠭᠦᠨ | ᠭᠦᠢᠯᠭᠡᠭᠡᠨ ᠤ ᠳᠡᠮᠵᠢᠯᠭᠡ ᠶᠢ ᠴᠢᠩᠭᠠᠳᠬᠠᠪᠠ᠃ ᠡᠨᠧᠷᠭᠢ ᠶᠢᠨ ᠬᠤᠷᠣᠭᠳᠠᠭᠤᠯᠤᠯ ᠢ ᠬᠢᠨᠠᠨ ᠰᠢᠯᠭᠠᠬᠤ ᠠᠷᠭ᠎ᠠ ᠮᠠᠶ᠋ᠢᠭ ᠢ | ᠲᠡᠭᠦᠯᠳᠡᠷᠵᠢᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠳᠤ | ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ ᠳᠤ ᠳᠤᠮᠳᠠᠳᠤ | ᠤᠯᠤᠰ ᠤᠨ ᠬᠤᠪᠢ ᠨᠡᠮᠡᠷᠢ ᠪᠠᠨ ᠦᠵᠡᠭᠦᠯᠪᠡ᠃ | ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠤᠨ | ᠬᠥᠭᠵᠢᠯᠲᠡ ᠶᠢ ᠲᠦᠷᠭᠡᠳᠬᠡᠪᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ | ᠵᠦᠢᠯ ᠢ ᠪᠠᠲᠤᠯᠠᠬᠤ᠂ ᠬᠢᠵᠠᠭᠠᠷ ᠱᠤᠭᠤᠮ ᠢ ᠪᠠᠲᠤᠯᠠᠬᠤ᠂ ᠲᠥᠪ ᠭᠤᠤᠯᠴᠢ ᠪᠠᠶᠢᠬᠤ ᠶᠢ ᠠᠬᠢᠭᠤᠯᠬᠤ ᠶᠢ ᠬᠦᠴᠦᠯᠡᠨ | ᠪᠡᠶᠡᠯᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠥ᠂ ᠤᠯᠠᠨ ᠨᠠᠶᠢᠳᠠ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠵᠤ᠂ ᠬᠥᠭᠵᠢᠭᠦᠯᠬᠦ ᠳᠤᠮᠳᠠ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠰᠤᠷᠭᠠᠨ ᠬᠥᠮᠦᠵᠢᠯ ᠤᠨ ᠭᠤᠤᠯᠴᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠪᠠ᠃ ᠥᠨᠢᠳᠡ | ᠶᠢᠨ ᠶᠡᠭᠡ ᠪᠣᠳᠣᠯᠭ᠎ᠠ ᠶᠢ ᠲᠣᠭᠲᠠᠭᠠᠬᠤ ᠳᠤ ᠰᠤᠷᠭᠠᠨ ᠬᠥᠮᠦᠵᠢᠯ ᠪᠣᠯ ᠦᠨᠳᠦᠰᠦ ᠪᠣᠯᠣᠨ᠎ᠠ᠃ ᠤᠯᠤᠰ ᠤᠨ ᠳᠣᠲᠣᠭᠠᠳᠤ | ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠭᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ | ᠵᠠᠷᠤᠳᠠᠯ ᠤᠨ ᠬᠠᠷᠢᠴᠠᠯ ᠢ ᠵᠢᠯ ᠪᠦᠷᠢ ᠴᠥᠮ 4% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠰᠤᠷᠤᠬᠴᠢ ᠶᠢᠨ ᠬᠥᠮᠥᠨ | ᠳᠤᠮᠳᠠᠴᠢ ᠶᠢᠨ ᠵᠠᠷᠤᠳᠠᠯ ᠤᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠠᠷ ᠨᠡᠮᠡᠭᠳᠡᠪᠡ᠃ ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠬᠤᠲᠠ ᠪᠠᠯᠭᠠᠰᠤᠨ ᠤ ᠰᠤᠷᠤᠬᠴᠢ ᠣᠯᠠᠨᠲᠠᠢ ᠲᠣᠮᠣ ᠠᠩᠭᠢ ᠶᠢ ᠦᠨᠳᠦᠰᠦᠨ ᠳᠡᠭᠡᠨ ᠠᠷᠢᠯᠭᠠᠵᠤ᠂ ᠬᠤᠲᠠ ᠣᠷᠣᠵᠤ | ᠠᠵᠢᠯ ᠭᠦᠳᠡᠯᠮᠤᠷᠢ ᠬᠢᠭᠰᠡᠳ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 93.8% ᠪᠠᠶᠢᠭᠰᠠᠨ ᠠᠴᠠ | 95.5% ᠪᠤᠯᠲᠠᠯ᠎ᠠ ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠤᠯᠤᠰ ᠠᠴᠠ ᠨᠢᠭᠡᠳᠦᠯᠲᠡᠢ | ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ | ᠵᠢᠯᠤᠭᠤᠳᠴᠤ ᠵᠢᠷᠤᠮᠵᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ | ᠳᠠᠷᠤᠭᠠᠰᠤ ᠶᠢ ᠬᠥᠩᠭᠡᠷᠡᠭᠦᠯᠪᠡ᠃ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠪᠡ᠃ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 3700 ᠭᠠᠷᠤᠢ | ᠲᠦᠮᠡᠨ ᠰᠤᠷᠤᠬᠴᠢ ᠳᠤ ᠠᠰᠢᠭ ᠬᠦᠷᠲᠡᠭᠡᠪᠡ᠃ ᠪᠠᠭᠰᠢ ᠢᠯᠠᠩᠭᠤᠶ᠎ᠠ ᠬᠥᠳᠡᠭᠡ ᠲᠣᠰᠬᠤᠨ ᠤ ᠪᠠᠭᠰᠢ ᠶᠢᠨ ᠴᠠᠯᠢᠩ | ᠬᠠᠷᠠᠭᠠᠯᠵᠠᠯ ᠢ ᠪᠠᠲᠤᠯᠠᠪᠠ᠃ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ | ᠪᠦᠭᠦ ᠨᠤᠷᠮ᠎ᠠ ᠶᠢ 90% ᠠᠴᠠ ᠳᠡᠭᠡᠭᠰᠢ ᠪᠤᠯᠳᠠᠯ᠎ᠠ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠵᠣᠬᠢᠴᠠᠬᠤ ᠴᠢᠨᠠᠷ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠭᠦ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠣᠷᠮ᠎ᠠ ᠶᠢ 45.7% ᠪᠠᠶᠢᠭᠰᠠᠨ ᠠᠴᠠ 59.6% ᠪᠤᠯᠳᠡᠯ᠎ᠠ | ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠭᠦ ᠳᠤ ᠳᠤᠮᠳᠠ ᠬᠡᠰᠡᠭ ᠪᠠᠷᠠᠭᠤᠨ ᠬᠡᠰᠡᠭ ᠤᠨ | ᠭᠠᠵᠠᠷ ᠣᠷᠣᠨ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠡᠶᠢᠯᠭᠡᠬᠦ ᠡᠷᠴᠢᠮ ᠢ ᠦᠷᠭᠦᠯᠵᠢᠯᠡᠨ | ᠴᠢᠩᠭᠠᠷᠠᠭᠤᠯᠪᠠ᠃ ᠠᠵᠤ ᠠᠮᠢᠳᠤᠷᠠᠯ ᠨᠢ ᠬᠦᠴᠢᠷᠲᠡᠢ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠭᠬᠦ ᠤᠯᠤᠰ | ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ︽ᠰᠠᠭᠤᠷᠢ | ᠰᠢᠨᠵᠢᠯᠡᠭᠡᠨ ᠤ ᠰᠠᠯᠠᠭ᠎ᠠ ᠶᠢ ᠴᠢᠩᠭᠠᠳᠬᠠᠬᠤ ᠲᠥᠯᠥᠪᠯᠡᠭᠡ︾ ᠪᠣᠯᠣᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ | ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ | ᠣᠷᠣᠶᠢᠯᠠᠭᠰᠠᠨ ᠰᠤᠷᠤᠬᠴᠢᠳ ᠢ ᠬᠥᠮᠥᠵᠢᠭᠦᠯᠬᠦ ᠰᠠᠭᠤᠷᠢᠨ ᠭᠠᠵᠠᠷ ᠢ 288 ᠪᠠᠶᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ | ᠶᠢᠨ ᠶᠡᠭᠡ ᠰᠤᠷᠭᠠᠭᠤᠯᠢ ᠪᠣᠯᠣᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠬᠥᠭᠵᠢᠯᠲᠡ ᠶᠢᠨ ᠴᠢᠳᠠᠪᠤᠷᠢᠲᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠡᠷᠡᠭᠦᠯ ᠡᠩᠬᠡ ᠳᠤᠮᠳᠠᠳᠤ | ᠤᠯᠤᠰ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ ᠴᠢᠷᠮᠠᠶᠢᠨ ᠲᠦᠭᠡᠮᠡᠯᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ | ᠢ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠪᠦᠭᠦ ᠠᠷᠠᠳ ᠲᠤ ᠬᠠᠩᠭᠠᠵᠤ᠂ ᠣᠯᠠᠨ ᠲᠦᠮᠡᠨ ᠤ ᠡᠪᠡᠳᠴᠢᠨ | ᠦᠵᠡᠭᠦᠯᠭᠦ ᠳᠤ ᠬᠦᠴᠢᠷᠲᠡᠢ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ | ᠨᠠᠮᠳᠠᠭᠤᠯᠪᠠ᠃ ᠡᠮᠨᠡᠯᠭᠡ ᠶᠢᠨ ᠦᠨᠳᠦᠰᠦᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ | ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 450 ᠲᠥᠭᠦᠷᠢᠭ ᠪᠠᠶᠢᠭᠰᠠᠨ ᠠᠴᠠ 610 | ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠣᠯᠠᠨ ᠲᠦᠮᠡᠨ ᠤ ᠪᠠᠴᠢᠮ ᠬᠡᠷᠡᠭᠰᠡᠬᠦ ᠨᠠᠩ ᠣᠯᠠᠨ ᠡᠮ ᠤᠨ ᠵᠦᠢᠯ ᠢ ᠡᠮᠨᠡᠯᠭᠡ | ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠪᠠ᠃ ᠡᠮᠨᠡᠯᠭᠡ ᠳᠤ ᠰᠠᠭᠤᠭᠰᠠᠨ ᠵᠠᠷᠤᠳᠠᠯ ᠪᠠ | ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠪᠤᠯᠭᠠᠵᠥ᠂ ᠠᠰᠢᠭ ᠬᠦᠷᠲᠡᠭᠡᠭᠰᠡᠨ | ᠬᠡᠮᠵᠢᠶ᠎ᠡ 5700 ᠭᠠᠷᠤᠢ ᠲᠦᠮᠡᠨ ᠬᠥᠮᠥᠨ ᠤᠳᠠᠭ᠎ᠠ ᠳᠤ ᠭᠦᠷᠪᠡ᠃ ᠡᠮ ᠤᠨ ᠵᠦᠢᠯ ᠪᠠ ᠡᠮᠨᠡᠯᠭᠡ ᠶᠢᠨ ᠬᠡᠷᠡᠭᠯᠡᠭᠡᠨ ᠤ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠷᠤᠳᠠᠯ ᠤᠨ | ᠳᠠᠷᠤᠭᠠᠰᠤ ᠶᠢ ᠬᠥᠩᠭᠡᠷᠡᠭᠦᠯᠦᠭᠰᠡᠨ ᠬᠡᠮᠵᠢᠶ᠎ᠡ 4000 ᠳ᠋ᠦᠩᠰᠢᠭᠤᠷ ᠲᠥᠭᠦᠷᠢᠭ ᠠᠴᠠ ᠬᠡᠲᠦᠷᠡᠪᠡ᠃ ᠤᠯᠤᠰ ᠤᠨ | ᠠᠨᠠᠭᠠᠬᠤ ᠤᠬᠠᠭᠠᠨ ᠤ ᠲᠥᠪ ᠢ 13 ᠪᠠᠶᠢᠭᠤᠯᠵᠤ᠂ ᠤᠯᠤᠰ ᠤᠨ ᠣᠷᠣᠨ ᠪᠦᠰᠡ ᠶᠢᠨ ᠡᠮᠨᠡᠯᠭᠡ ᠶᠢᠨ ᠲᠥᠪ ᠢ 76 | ᠪᠠᠶᠢᠷᠢᠯᠠᠭᠤᠯᠤᠨ ᠪᠦᠲᠦᠭᠡᠨ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠶᠠᠨ ᠤ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ ᠰᠢᠰᠲ᠋ᠧᠮ ᠢ | ᠲᠡᠭᠦᠯᠳᠡᠷᠵᠢᠭᠦᠯᠪᠡ᠃ ᠨᠠᠰᠤᠲᠠᠶᠢᠴᠤᠳ ᠵᠡᠷᠭᠡ ᠬᠠᠮᠲᠤᠯᠢᠭ ᠤᠨ ᠡᠪᠡᠳᠴᠢᠨ ᠦᠵᠡᠭᠦᠯᠭᠦ ᠳᠤ ᠦᠢᠯᠡᠴᠢᠯᠡᠬᠦ ᠦᠢᠯᠡᠴᠢᠯᠡᠭᠡ | ᠶᠢ ᠰᠢᠯᠢᠳᠡᠭᠵᠢᠭᠦᠯᠪᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠪᠠ | ᠠᠷᠠᠳ ᠤᠨ ᠠᠮᠢᠳᠤᠷᠠᠯ ᠳᠤ ᠠᠰᠢᠭ ᠲᠤᠰᠠ ᠬᠦᠷᠲᠡᠭᠡᠬᠦ ᠶᠢ ᠠᠬᠢᠭᠤᠯᠪᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ | ᠶᠢ 50 ᠲᠥᠭᠦᠷᠢᠭ ᠪᠠᠶᠢᠭᠰᠠᠨ ᠠᠴᠠ 84 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠰᠡᠷᠭᠡᠶᠢᠯᠡᠬᠦ ᠪᠠᠷ ᠭᠤᠣᠯ ᠪᠤᠯᠭᠠᠬᠤ | ᠶᠢ ᠪᠠᠷᠢᠮᠲᠠᠯᠠᠨ᠂ ᠬᠦᠨᠳᠦ ᠶᠡᠭᠡ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠪᠠ᠃ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠤᠯᠤᠰ ᠤᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢ ᠪᠠᠶᠢᠭᠤᠯᠵᠤ᠂ ᠬᠦᠨᠳᠦ ᠶᠡᠭᠡ ᠬᠢᠵᠢᠭ ᠢ ᠰᠡᠷᠭᠡᠶᠢᠯᠡᠨ | ᠬᠢᠵᠠᠭᠠᠷᠯᠠᠵᠤ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠴᠢᠷᠮᠠᠶᠢᠨ ᠪᠠᠲᠤᠯᠠᠪᠠ᠃ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠪᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ | ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠳᠦᠷᠢᠮ ᠢ ᠪᠠᠶᠢᠭᠤᠯᠵᠤ᠂ ᠠᠵᠢᠯ ᠠᠴᠠ ᠪᠠᠨ | ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠨᠡᠮᠡᠭᠳᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠬᠠᠮᠤᠭ ᠳᠣᠣᠷ᠎ᠠ | ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠠᠷᠠᠭᠠᠯᠵᠠᠯ | ᠠᠰᠠᠷᠠᠮᠵᠢ᠂ ᠠᠵᠢᠯ ᠠᠯᠳᠠᠭᠰᠠᠨ ᠪᠠ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠶᠢᠨ ᠪᠠᠷᠢᠮᠵᠢᠶ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠪᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ | ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠨᠠᠰᠤᠲᠠᠨ ᠢ | ᠨᠡᠶᠢᠭᠡᠮ ᠲᠣᠭᠤᠷᠢᠭ ᠲᠤ ᠪᠠ ᠭᠡᠷ ᠲᠤᠨᠢ ᠠᠰᠠᠷᠠᠬᠤ ᠦᠢᠯᠡᠴᠢᠯᠡᠭᠡ ᠶᠢ ᠬᠥᠭᠵᠢᠭᠦᠯᠵᠦ᠂ ᠢᠵᠢ ᠪᠦᠷᠢᠳᠦᠭᠦᠯᠬᠦ | ᠲᠥᠬᠦᠭᠡᠷᠦᠮᠵᠢ ᠪᠠ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ | ᠰᠦᠢᠳᠬᠡᠯ᠂ ᠬᠡᠷᠡᠭᠯᠡᠬᠦ ᠭᠡᠷ ᠪᠠᠶᠢᠰᠢᠩ᠂ ᠤᠰᠤ ᠴᠠᠭᠢᠯᠭᠠᠨ ᠬᠡᠢ ᠶᠢᠨ ᠦᠨ᠎ᠡ ᠬᠠᠩᠰᠢ ᠵᠡᠷᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠪᠡ᠃ ᠡᠮᠨᠡᠭᠦ ᠪᠠ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠤ᠂ ᠤᠷᠳᠤ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ᠃ | ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ | ᠬᠡᠮᠵᠢᠶ᠎ᠡ ᠶᠢ ᠬᠡᠷᠡᠭᠵᠢᠭᠦᠯᠪᠡ᠃ ᠴᠡᠷᠢᠭ ᠤᠨ ᠠᠯᠪᠠ ᠠᠴᠠ ᠪᠠᠭᠤᠭᠰᠠᠳ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠳᠦᠷᠢᠮ | ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠪᠡ᠃ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ | ᠤᠨ ᠪᠠᠲᠤᠯᠠᠭ᠎ᠠ ᠶᠢ ᠴᠢᠩᠭᠠᠳᠬᠠᠪᠠ᠃ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠪᠡ᠃ | ᠵᠡᠮᠳᠡᠭᠴᠦᠳ ᠢ ᠪᠠᠲᠤᠯᠠᠬᠤ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ᠃ ᠨᠡᠶᠢᠭᠡᠮ | ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ | ᠬᠡᠮᠵᠢᠯᠲᠡ ᠶᠢ ᠴᠢᠩᠭᠠᠳᠬᠠᠵᠤ᠂ ᠬᠦᠴᠢᠷᠳᠡᠯ ᠳᠤ ᠤᠴᠠᠷᠠᠭᠰᠠᠨ ᠬᠥᠮᠥᠰ ᠢ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ | ᠵᠢᠯ ᠪᠦᠷᠢ ᠳᠤᠮᠳᠠᠴᠢ ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯ ᠲᠠᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠡᠷᠡᠰ ᠪᠠᠲᠤ ᠰᠦᠯᠵᠢᠨ ᠪᠠᠬᠢᠯᠡᠪᠡ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠪᠡ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ | ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠪᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ | ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠳᠠᠩᠰᠠ ᠡᠪᠬᠡᠮᠡᠯ ᠵᠡᠷᠭᠡ ᠶᠢᠨ | ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠭᠤᠴᠢᠯᠠᠭᠤᠷ ᠤᠨ | ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠪᠠ᠃ ᠤᠯᠠᠨ ᠤᠯᠤᠰ ᠲᠤ ᠤᠯᠠᠮᠵᠢᠯᠠᠨ ᠲᠠᠷᠬᠠᠭᠠᠬᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠪᠡ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠢ᠂ ᠤᠷᠠᠨ ᠵᠢᠷᠤᠭ ᠤᠨ ᠣᠷᠳᠣᠨ᠂ | ᠰᠣᠶᠣᠯ ᠤᠨ ᠣᠷᠳᠣᠨ ᠥᠷᠲᠡᠭᠡ ᠶᠢ ᠨᠡᠶᠢᠭᠡᠮ ᠨᠠᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠪᠡ᠃ ᠠᠷᠠᠳ | ᠨᠠᠶᠢᠳᠡ ᠪᠠᠷ ᠢᠶᠠᠨ ᠨᠣᠮ ᠤᠩᠰᠢᠬᠤ ᠶᠢ ᠭᠦᠨᠵᠡᠭᠡᠢ ᠠᠬᠢᠭᠤᠯᠪᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ | ᠲᠡᠮᠵᠢᠪᠡ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ | ᠲᠠᠮᠢᠷᠴᠢᠳ ᠡᠷᠡᠯᠬᠡᠭᠯᠡᠨ ᠴᠢᠷᠮᠠᠶᠢᠵᠤ ᠰᠢᠯᠢᠳᠡᠭ ᠬᠢᠷᠢ ᠪᠦᠳᠦᠮᠵᠢ ᠣᠯᠵᠤ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ | ︵ᠠᠷᠪᠠ︶ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠪᠠ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ | ᠨᠡᠶᠢᠭᠡᠮ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠨᠡᠩ ᠰᠠᠶᠢᠨ ᠶᠠᠪᠤᠭᠳᠠᠭᠤᠯᠪᠠ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠶᠡᠭᠡ ᠶᠣᠰᠣ ᠶᠢ ᠲᠦᠮᠡᠨ ᠤ ᠲᠥᠯᠥᠭᠡ ᠪᠤᠯᠭᠠᠵᠤ᠂ ᠬᠠᠤᠯᠢ ᠶᠢ ᠴᠢᠩᠭ᠎ᠠ ᠵᠢᠷᠦᠮᠵᠢᠭᠤᠨ | ᠭᠤᠤᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠷᠬᠡ ᠶᠢ ᠠᠷᠠᠳ ᠲᠦᠮᠡᠨ ᠣᠯᠭᠤᠭᠰᠠᠨ ᠪᠣᠯᠬᠤᠷ᠂ | ᠡᠷᠬᠡ ᠠᠳᠬᠤᠭᠠᠳ ᠳᠤᠷ᠎ᠠ ᠪᠠᠷ ᠢᠶᠠᠨ ᠪᠠᠶᠢᠵᠤ ᠪᠤᠯᠬᠤ ᠦᠭᠡᠢ᠂ ᠡᠷᠬᠡ ᠬᠡᠷᠡᠭᠯᠡᠬᠦ ᠳᠡᠭᠡᠨ ᠡᠷᠬᠡᠪᠰᠢ ᠬᠢᠨᠠᠯᠲᠠ ᠬᠦᠯᠢᠶᠡᠬᠦ | ᠬᠡᠷᠡᠭᠲᠡᠢ ᠪᠠᠶᠢᠬᠤ ᠶᠢ ᠬᠡᠷᠡᠭᠵᠢᠭᠦᠯᠪᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ | ᠲᠡᠭᠦᠯᠳᠡᠷᠵᠢᠭᠦᠯᠬᠦ ᠶᠢ ᠠᠬᠢᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ 50 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ | ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 180 ᠬᠤᠪᠢ ᠤᠳᠠᠭ᠎ᠠ ᠲᠣᠭᠲᠠᠭᠠᠭᠰᠠᠨ ᠪᠠ ᠵᠠᠰᠠᠨ | ᠲᠣᠭᠲᠠᠭᠠᠪᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠳᠡ ᠶᠢᠨ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠬᠢᠨᠠᠮᠠᠭᠠᠢ ᠰᠢᠢᠳᠪᠦᠷᠢᠯᠡᠪᠡ᠃ ᠬᠢᠨᠠᠨ ᠪᠣᠳᠣᠯᠲᠠ ᠶᠢᠨ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠪᠠ᠃ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ ᠃ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠪᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠪᠡ᠃ ᠬᠤᠲᠠ ᠶᠢᠨ | ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ | ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠪᠡ᠃ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ | ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠭᠦᠭᠵᠢᠭᠦ ᠶᠢ ᠲᠡᠮᠵᠢᠪᠡ᠃ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠭᠦᠨᠵᠡᠭᠡᠢ ᠠᠬᠢᠭᠤᠯᠪᠠ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠪᠡ᠃ ᠢᠳᠡᠭᠡᠨ ᠤ ᠵᠦᠢᠯ᠂ ᠡᠮ ᠤᠨ ᠵᠦᠢᠯ ᠢᠯᠠᠩᠭᠤᠶ᠎ᠠ ᠸᠠᠺᠼᠢᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠪᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠥᠭᠡᠷᠡᠴᠢᠯᠡᠨ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ | ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠶᠢᠨ | ᠰᠡᠷᠭᠡᠶᠢᠯᠡᠯᠲᠡ ᠪᠠ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ | ᠪᠠ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠰᠦᠯᠵᠢᠶ᠎ᠡ᠂ ᠳ᠋ᠠᠶᠢᠲ᠋ᠠ ᠶᠢᠨ ᠠᠮᠤᠷ ᠲᠦᠪᠰᠢᠨ ᠪᠠ | ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠥᠷᠨᠢᠭᠦᠯᠵᠦ᠂ ᠬᠠᠷ᠎ᠠ ᠬᠠᠷᠭᠢᠰ ᠬᠦᠴᠦᠨ ᠵᠢᠴᠢ ︽ᠥᠮᠥᠭ ᠬᠠᠯᠬᠠᠪᠴᠢ︾ ᠶᠢ ᠨᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ | ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ | ᠠᠬᠢᠴᠠ ᠲᠠᠢ ᠪᠣᠯᠪᠠ᠃ | ᠲᠥᠯᠥᠭᠡᠯᠡᠭᠴᠢᠳ ᠠ᠋︕ | ᠲᠠᠪᠤᠨ ᠵᠢᠯ ᠤᠨ ᠲᠤᠷᠰᠢ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠤᠯᠭᠤᠷ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ | ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ | ᠵᠠᠯᠠᠷᠠᠭᠤᠯᠤᠨ ᠵᠠᠰᠠᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢᠶᠡᠭᠡ ᠪᠠᠷ ᠪᠠᠭᠠᠰᠬᠠᠨ ᠬᠠᠰᠤᠪᠠ᠃ ᠲᠣᠭᠲᠠᠭᠠᠯ ᠠᠴᠠ ᠵᠥᠷᠢᠴᠡᠨ ᠠᠰᠠᠷ | ᠲᠠᠭᠲᠤ ᠲᠠᠩᠬᠢᠮ ᠪᠠᠭᠤᠳᠠᠯ ᠪᠠᠶᠢᠭᠤᠯᠤᠭᠰᠠᠨ ᠪᠠ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠪᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠪᠠ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ | ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠳᠥᠲᠡ ᠵᠠᠮ ᠭᠡᠵᠦ ᠪᠠᠶᠢᠳᠠᠭ ᠦᠭᠡᠢ᠂ | ᠪᠣᠳᠠᠲᠠᠢ ᠪᠠᠷ ᠠᠵᠢᠯᠯᠠᠬᠤ ᠨᠢ ᠮᠠᠰᠢ ᠴᠢᠬᠤᠯᠠ ᠶᠤᠮ᠃ ᠲᠠᠪᠤᠨ ᠵᠢᠯ ᠤᠨ ᠲᠤᠷᠰᠢ᠂ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠪᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠦᠴᠢᠷ | ᠲᠦᠪᠡᠭ ᠠᠴᠠ ᠦᠯᠦ ᠡᠮᠢᠶᠡᠨ᠂ ᠠᠵᠢᠯ ᠶᠠᠪᠤᠳᠠᠯ ᠪᠦᠲᠦᠭᠡᠬᠦ ᠳᠡᠭᠡᠨ ᠭᠠᠴᠢᠭ ᠪᠡᠷᠬᠡᠰᠢᠶᠡᠯ ᠠᠴᠠ ᠦᠯᠦ ᠳᠠᠯᠳᠢᠷᠠᠵᠤ᠂ | ᠪᠣᠳᠠᠲᠠᠢ ᠠᠵᠢᠯᠯᠠᠬᠤ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠱᠠᠭᠠᠷᠳᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠲᠥᠪᠯᠡᠷᠡᠭᠦᠯᠦᠨ ᠬᠥᠭᠵᠢᠯᠲᠡ ᠶᠢ ᠠᠳᠬᠤᠪᠠ︔ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠬᠠᠨᠳᠤᠰᠢ | ᠪᠤᠯᠭᠠᠵᠤ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ | ᠠᠯᠢᠪᠠ ᠪᠦᠭᠦᠨ ᠳᠤ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠴᠤ᠂ ᠤᠯᠠᠨ ᠲᠦᠮᠡᠨ ᠤ ᠵᠣᠪᠠᠯ ᠵᠢᠷᠭᠠᠯ ᠢ ᠭᠦᠨᠵᠡᠭᠡᠢ ᠣᠶᠢᠯᠠᠭᠠᠵᠤ᠂ ᠠᠷᠠᠳ | ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ᠂ ᠬᠡᠢ ᠬᠤᠭᠤᠰᠤᠨ ᠶᠠᠷᠢᠵᠤ | ᠣᠩᠭᠢᠷᠠᠬᠤ᠂ ᠥᠩᠭᠡᠪᠴᠢ ᠠᠵᠢᠯ ᠬᠢᠬᠦ᠂ ᠳᠦᠷᠢ ᠲᠥᠷᠬᠦ ᠶᠢᠨ ᠢᠨᠵᠧᠨᠧᠷᠢᠩ ᠬᠢᠬᠦ ᠴᠢᠨᠠᠭᠰᠢᠯᠠᠪᠠᠯ ᠰᠣᠬᠤᠷ ᠪᠠᠯᠠᠢ ᠪᠠᠷ | ᠠᠵᠢᠯᠯᠠᠬᠤ ᠶᠢ ᠡᠷᠡᠰ ᠡᠰᠡᠷᠭᠦᠴᠡᠪᠡ︔ ᠥᠭᠡᠷᠡᠴᠢᠯᠡᠯᠲᠡ ᠶᠢᠨ ᠠᠷᠭ᠎ᠠ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠪᠠᠷ ᠬᠦᠴᠢᠷ | ᠠᠰᠠᠭᠤᠳᠠᠯ ᠢ ᠰᠢᠢᠳᠪᠦᠷᠢᠯᠡᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠵᠠᠰᠠᠭ ᠤᠨ ᠠᠵᠢᠯ ᠳᠤ ᠦᠬᠡᠨᠴᠡ ᠵᠠᠯᠬᠠᠭᠤ ᠬᠥᠮᠥᠰ ᠠᠴᠠ | ᠬᠠᠷᠢᠭᠤᠴᠠᠯᠭ᠎ᠠ ᠨᠡᠬᠡᠮᠵᠢᠯᠡᠪᠡ᠃ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠡᠯ᠎ᠡ | ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠤᠯᠠᠮ ᠠᠴᠠ ᠬᠥᠭᠵᠢᠯᠲᠡ ᠶᠢ ᠠᠬᠢᠭᠤᠯᠬᠤ ᠬᠦᠴᠦᠷᠬᠡᠭ | ᠶᠡᠭᠡ ᠬᠦᠴᠦᠨ ᠢ ᠨᠢᠭᠲᠠᠷᠠᠭᠤᠯᠪᠠ᠃ | ᠲᠥᠯᠥᠭᠡᠯᠡᠭᠴᠢᠳ ᠠ᠋︕ | ᠥᠩᠭᠡᠷᠡᠭᠰᠡᠨ ᠲᠠᠪᠤᠨ ᠵᠢᠯ ᠳᠤ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ | ᠵᠡᠷᠭᠡ ᠶᠢᠨ ᠠᠵᠢᠯ ᠢ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ | ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ | ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠪᠠᠶᠢᠳᠠᠯ ᠢᠯᠡᠷᠡᠪᠡ᠃ ᠨᠠᠮ ᠤᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠯᠳᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠪᠠ᠃ ᠬᠠᠷᠢᠶᠠᠲᠤ ᠨᠠᠷ ᠤᠨ | ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠤᠨ | ᠡᠬᠡ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠠᠪᠤᠴᠠ ᠳᠠᠬᠢ ᠥᠪᠡᠷᠮᠢᠴᠡ ᠳᠠᠪᠠᠭᠤᠯᠢᠭ | ᠪᠠ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃ | ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠠᠯᠢ ᠤᠯᠠᠨ ᠴᠢᠬᠤᠯᠠ ᠶᠡᠭᠡ ᠰᠢᠨ᠎ᠡ ᠠᠮᠵᠢᠯᠲᠠ | ᠪᠦᠲᠦᠮᠵᠢ ᠶᠢ ᠣᠯᠵᠤ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ᠃ ᠠᠷᠠᠳ ᠤᠨ ᠴᠡᠷᠢᠭ ᠠᠩᠭᠢ ᠤᠯᠤᠰ | ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ | ᠴᠡᠷᠢᠭ ᠢ ᠵᠠᠰᠠᠬᠤ ᠶᠢ ᠭᠦᠨᠵᠡᠭᠡᠢ ᠠᠬᠢᠭᠤᠯᠵᠤ᠂ ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠭᠦᠨᠵᠡᠭᠡᠢ | ᠠᠬᠢᠭᠤᠯᠤᠨ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠ ᠪᠣᠳᠠᠲᠤ ᠪᠠᠶᠢᠯᠳᠤᠭᠠᠨ ᠤ ᠴᠢᠳᠠᠪᠤᠷᠢ ᠨᠢ ᠢᠯᠡᠳᠲᠡ | ᠳᠡᠭᠡᠭᠰᠢᠯᠡᠪᠡ᠃ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠬᠢᠯᠢ ᠶᠢᠨ | ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠶ ᠳᠡᠭᠡᠷᠡᠬᠢ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ | ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠠᠴᠠ ᠠᠪᠤᠷᠠᠵᠤ ᠭᠠᠮᠰᠢᠭ ᠠᠴᠠ ᠲᠡᠩᠬᠡᠷᠡᠭᠦᠯᠬᠦ᠂ ᠬᠢᠵᠢᠭ ᠢ ᠡᠰᠡᠷᠭᠦᠴᠡᠬᠦ᠂ | ᠡᠩᠬᠡ ᠲᠠᠶᠢᠪᠤᠩ ᠢ ᠬᠠᠮᠠᠭᠠᠯᠠᠵᠤ ᠠᠶᠠᠯᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠶ ᠭᠦᠢᠴᠡᠳᠬᠡᠵᠦ | ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠦᠴᠦᠲᠡᠢ ᠬᠠᠮᠠᠭᠠᠯᠠᠪᠠ᠃ | ᠰᠢᠶᠠᠩᠭᠠᠩ ᠣᠣᠮᠧᠨ ᠲᠠᠶᠢᠸᠠᠨ ᠤ ᠠᠵᠢᠯ ᠰᠢᠨ᠎ᠡ ᠠᠬᠢᠴᠠ ᠲᠠᠢ ᠪᠣᠯᠪᠠ᠃ ᠦᠨᠳᠦᠰᠦᠨ ᠬᠠᠤᠯᠢ ᠪᠣᠯᠣᠨ ᠭᠤᠣᠯ | ᠬᠠᠤᠯᠢ ᠶᠢᠨ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ | ᠪᠦᠲᠦᠮᠵᠢᠲᠡᠶ ᠬᠡᠷᠡᠭᠵᠢᠭᠦᠯᠵᠦ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ | ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠭᠠᠳ᠂ | ᠰᠢᠶᠠᠩᠭᠠᠩ ᠤᠨ ᠰᠠᠮᠠᠭᠤᠷᠠᠯ ᠠᠴᠠ ᠵᠠᠰᠠᠯᠲᠠ ᠳᠤ ᠭᠦᠷᠦᠭᠰᠡᠨ ᠠᠴᠠ ᠪᠠᠨ ᠵᠠᠰᠠᠯᠲᠠ ᠠᠴᠠ ᠪᠠᠳᠠᠷᠠᠯ ᠳᠤ ᠬᠦᠷᠬᠦ ᠰᠢᠨ᠎ᠡ | ᠱᠠᠲᠤ ᠦᠶ᠎ᠡ ᠳᠤ ᠣᠷᠣᠬᠤ ᠶᠢ ᠠᠬᠢᠭᠤᠯᠪᠠ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ | ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠲᠣᠭᠲᠠᠭᠤᠨ ᠪᠠᠶᠢᠳᠠᠯ ᠢ | ᠪᠠᠲᠤᠯᠠᠬᠤ ᠶᠢ ᠲᠡᠮᠵᠢᠪᠡ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ | ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ | ᠶᠡᠭᠡ ᠲᠡᠮᠡᠴᠡᠯ ᠢ ᠡᠷᠡᠰ ᠥᠷᠨᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ | ᠭᠦᠭᠵᠢᠭᠦ ᠶᠢ ᠦᠷᠭᠦᠯᠵᠢᠯᠡᠨ ᠠᠬᠢᠭᠤᠯᠪᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ | ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ | ᠠᠶᠢᠯᠴᠢᠯᠠᠯᠳᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠭᠡᠯᠪᠡᠷᠢ ᠪᠠᠷ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ | ᠪᠤᠰᠤ ᠬᠤᠷᠠᠯ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ | ᠳᠡᠭᠡᠳᠦ ᠳᠡᠰ ᠤᠨ ᠬᠤᠷᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ᠂ | ᠳᠤᠮᠳᠠᠳᠤ ᠡᠸᠦ᠋ᠷᠦᠫᠡ ᠶᠢᠨ ᠤᠳᠤᠷᠢᠳᠬᠤ ᠬᠥᠮᠥᠰ ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠭᠡ ᠭᠠᠳᠠᠭᠠᠳᠤ | ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠴᠢᠩᠳᠣᠣ ᠳᠠᠬᠢ ᠲᠦᠷᠦᠭᠦᠴᠦᠳ ᠤᠨ ᠬᠤᠷᠠᠯ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ | ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ᠂ ︽ᠨᠢᠭᠡ ᠪᠦᠰᠡ ᠨᠢᠭᠡ | ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠡᠷᠭᠡ | ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ | ᠡᠷᠭᠢᠯᠡᠪᠡ᠃ ᠵᠣᠷᠢᠭᠲᠠᠢ ᠪᠠᠷ ᠲᠡᠮᠡᠴᠡᠯ ᠬᠢᠬᠦ᠂ ᠴᠢᠳᠠᠮᠠᠭᠠᠢ ᠪᠠᠷ ᠲᠡᠮᠡᠴᠡᠯ ᠬᠢᠬᠦ ᠶᠢ ᠪᠠᠷᠢᠮᠲᠠᠯᠠᠵᠤ᠂ ᠮᠠᠨ ᠤ ᠤᠯᠤᠰ ᠤᠨ | ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ ᠪᠦᠭᠦ ᠪᠥᠮᠪᠥᠷᠴᠡᠭ ᠤᠨ | ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ | ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ ᠳᠤᠮᠳᠠᠳᠤ ᠤᠯᠤᠰ ᠬᠠᠷᠢᠭᠤᠴᠠᠯᠭ᠎ᠠ ᠲᠠᠢ ᠲᠣᠮᠣ | ᠤᠯᠤᠰ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠬᠤ ᠂ | ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠪᠣᠯᠣᠨ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ | ᠲᠠᠯ᠎ᠠ ᠪᠠᠷ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠠ᠋︕ | ᠡᠳᠡᠭᠡᠷ ᠵᠢᠯ ᠤᠳ ᠲᠤ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ | ᠮᠥᠨ᠂ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ | ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ | ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ | ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ | ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠥᠭᠵᠢᠯᠲᠡ ᠶᠢᠨ ᠠᠮᠵᠢᠯᠲᠠ ᠪᠦᠳᠦᠮᠵᠢ ᠶᠢ ᠣᠯᠵᠤ ᠬᠠᠷᠠᠬᠤ ᠶᠢᠨ ᠬᠠᠮᠲᠤ ᠪᠢᠳᠡ ᠪᠠᠰᠠ ᠮᠠᠨ ᠤ ᠤᠯᠤᠰ ᠪᠣᠯ ᠨᠢᠭᠡᠨ | ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ | ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠨ᠎ᠠ ᠭᠡᠳᠡᠭ ᠢ | ᠰᠡᠷᠭᠡᠭ ᠢᠶᠠᠷ ᠲᠠᠨᠢᠵᠤ ᠣᠯᠪᠠ᠃ ᠣᠳᠣᠬᠠᠨ ᠤ ᠬᠥᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭᠠᠯᠲᠠ | ᠲᠤᠯᠭᠠᠷᠠᠵᠤ ᠪᠠᠶᠢᠨ᠎ᠠ᠃ ᠭᠠᠳᠠᠭᠠᠳᠤ ᠣᠷᠴᠢᠨ ᠨᠥᠬᠦᠴᠡᠯ ᠤᠨ ᠮᠠᠭᠠᠳ ᠪᠤᠰᠤ ᠴᠢᠨᠠᠷ ᠶᠡᠬᠡᠰᠴᠦ᠂ ᠪᠦᠭᠦ ᠪᠥᠮᠪᠥᠷᠴᠡᠭ ᠤᠨ | ᠵᠣᠭᠤᠰ ᠮᠠᠭᠤᠳᠠᠬᠤ ᠪᠠᠶᠢᠳᠠᠯ ᠮᠥᠨ ᠬᠡᠴᠡᠭᠦᠦ ᠪᠠᠶᠢᠵᠤ᠂ ᠳᠡᠯᠡᠬᠡᠢ ᠶᠢᠨ ᠠᠵᠤ ᠠᠬᠤᠢ ᠪᠣᠯᠣᠨ ᠠᠷᠠᠯᠵᠢᠶᠠᠨ ᠤ | ᠨᠡᠮᠡᠭᠳᠡᠯ ᠤᠨ ᠬᠥᠳᠡᠯᠭᠡᠭᠴᠢ ᠡᠨᠧᠷᠭᠢ ᠪᠠᠭᠤᠷᠠᠵᠤ᠂ ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠲᠠᠰᠤᠷᠠᠯᠳᠠ ᠦᠭᠡᠢ | ᠰᠢᠷᠦᠭᠦᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠨᠡᠮᠡᠭᠳᠡᠯ ᠤᠨ ᠲᠣᠭᠲᠠᠪᠤᠷᠢᠵᠢᠨ ᠰᠠᠶᠢᠵᠢᠷᠠᠬᠤ | ᠰᠠᠭᠤᠷᠢ ᠶᠢ ᠪᠠᠰᠠ ᠪᠠᠲᠤᠳᠬᠠᠬᠤ ᠴᠢᠬᠤᠯᠠᠲᠠᠢ ᠪᠠᠶᠢᠵᠤ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠨᠢ ᠮᠥᠨ ᠬᠦ | ᠲᠣᠪᠣᠶᠢᠮ᠎ᠠ ᠵᠥᠷᠢᠴᠡᠯ ᠪᠣᠯᠵᠤ᠂ ᠠᠷᠠᠳ ᠤᠨ ᠪᠡᠯᠡ ᠣᠷᠣᠭᠤᠯᠤᠯᠲᠠ ᠪᠣᠯᠣᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠵᠢᠱᠢᠯᠲᠡ ᠲᠣᠭᠲᠠᠭᠤᠨ ᠪᠤᠰᠤ ᠪᠠᠶᠢᠵᠤ᠂ ᠴᠥᠭᠡᠨ ᠪᠤᠰᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ᠂ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ ᠬᠠᠲᠠᠭᠤ ᠪᠡᠷᠬᠡ ᠪᠣᠯᠵᠤ᠂ ᠵᠠᠷᠢᠮ ᠦᠨᠳᠦᠰᠦᠨ ᠱᠠᠲᠤᠨ ᠤ ᠤᠷᠤᠯᠭ᠎ᠠ | ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ ᠪᠠᠶᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ | ᠳᠡᠯᠭᠡᠭᠦᠷ ᠤᠨ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ ᠪᠠᠶᠢᠵᠤ᠂ ᠵᠠᠷᠢᠮ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠢᠯᠡᠷᠡᠨ ᠭᠠᠷᠪᠠ᠃ ᠬᠥᠭᠵᠢᠯᠲᠡ ᠳᠤ ᠮᠥᠨ ᠯᠡ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠴᠥᠭᠡᠨ ᠪᠤᠰᠤ ᠣᠷᠣᠰᠢᠵᠤ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ | ᠡᠭᠦᠷᠭᠡ ᠬᠦᠨᠳᠦ ᠵᠠᠮ ᠬᠤᠯᠠ ᠪᠠᠶᠢᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠤᠳᠠ ᠬᠥᠳᠡᠭᠡ ᠶᠢᠨ | ᠰᠠᠭᠤᠷᠢ ᠲᠥᠬᠦᠭᠡᠷᠦᠮᠵᠢ ᠳᠤ ᠮᠥᠨ ᠢᠯᠡᠳᠲᠡ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠠᠷᠠᠳ ᠤᠨ ᠠᠮᠢᠳᠤᠷᠠᠯ ᠤᠨ | ᠬᠦᠷᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ | ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠵᠤ᠂ ᠵᠠᠷᠢᠮ ᠭᠠᠵᠠᠷ ᠣᠷᠣᠨ ᠤ ᠬᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ᠂ ᠱᠠᠲᠤ ᠱᠠᠲᠤ ᠪᠠᠷ ᠨᠥᠬᠦᠴᠡᠯ ᠨᠡᠮᠡᠵᠦ | ᠪᠠᠶᠢᠨ᠎ᠠ᠂ ᠵᠠᠷᠢᠮ ᠺᠠᠳ᠋ᠷ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠭᠦ᠂ ᠳᠥᠭᠦᠮᠴᠢᠯᠡᠬᠦ ᠪᠠᠶᠢᠳᠠᠯ ᠲᠠᠢ ᠪᠠᠶᠢᠵᠤ᠂ | ᠪᠣᠳᠠᠲᠤ ᠪᠠᠶᠢᠳᠠᠯ ᠠᠴᠠ ᠰᠠᠯᠤᠩᠭᠢᠷᠠᠬᠤ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠲᠡᠷᠰᠯᠡᠬᠦ᠂ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠵᠠᠷᠢᠮ ᠬᠦᠷᠢᠶ᠎ᠡ᠂ | ᠠᠵᠢᠯ ᠲᠦᠷᠦᠯ᠂ ᠣᠷᠣᠨ ᠨᠤᠲᠤᠭ ᠲᠤ ᠢᠯᠵᠢᠷᠡᠮᠡᠯ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ᠃ ᠵᠠᠰᠠᠭ ᠤᠨ ᠣᠷᠳᠣᠨ ᠤ | ᠠᠵᠢᠯ ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠶᠢᠬᠤ ᠶᠢ ᠴᠢᠬᠤᠯᠠᠴᠢᠯᠠᠨ ᠦᠵᠡᠬᠦ ᠬᠡᠷᠡᠭᠲᠡᠢ᠃ | ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠨ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠵᠠᠰᠠᠭ ᠤᠨ ᠣᠷᠳᠣᠨ ᠤ | ᠠᠵᠢᠯ ᠢ ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ | ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ | ᠡᠭᠢᠯᠡᠯᠳᠡ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠢᠵᠢᠭ ᠢ | ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ | ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠪᠴᠢᠯᠡᠵᠦ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠭᠤᠨ | ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ | ᠲᠣᠪᠤᠶᠢᠯᠭᠠᠨ ᠰᠠᠶᠢᠲᠤᠷ ᠬᠢᠵᠦ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ | ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢ | ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠭᠢᠯᠡᠯᠲᠡ ᠤᠷᠤᠭᠰᠢᠲᠠᠢ ᠭᠠᠷᠤᠭ᠎ᠠ | ᠰᠠᠶᠢᠲᠠᠢ ᠪᠠᠶᠢᠯᠭᠠᠬᠤ ᠬᠡᠷᠡᠭᠲᠡᠢ᠃ | ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ | ᠬᠥᠮᠥᠨ ᠢ 1200 ᠲᠦᠮᠡ ᠣᠷᠴᠢᠮ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ | ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ | ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠤᠯᠤᠰ ᠤᠨ | ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ | ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠭᠦ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠣᠯᠣᠨ ᠭᠤᠣᠯ ᠪᠤᠯᠬᠤ ᠪᠣᠬᠢᠷᠲᠤᠭᠤᠯᠬᠤ | ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠴᠢᠯᠠᠭᠤᠵᠢᠮᠠᠯ ᠡᠨᠧᠷᠭᠢ ᠶᠢᠨ | ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ | ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ᠃ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠨ᠂ ᠪᠠᠶᠢᠯᠳᠤᠬᠤ | ᠪᠣᠳᠣᠯᠭ᠎ᠠ ᠶᠢᠨ ᠳᠤᠭᠢᠶᠠᠯ ᠪᠣᠯᠣᠨ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠮᠠᠭᠠᠳ ᠪᠤᠰᠤ ᠪᠠ ᠲᠥᠰᠥᠭᠡᠯᠡᠬᠦᠶ᠎ᠡ | ᠪᠡᠷᠬᠡ ᠬᠦᠴᠦᠨ ᠵᠦᠢᠯ ᠤᠳ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ | ᠴᠢᠨᠠᠷ᠂ ᠲᠣᠭᠲᠠᠪᠤᠷᠢᠲᠤ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ᠂ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ | ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠤᠨ᠎ᠠ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠭᠠᠶᠢᠯᠢ | ᠪᠤᠴᠠᠭᠠᠬᠤ ᠭᠠᠶᠢᠯᠢ ᠬᠤᠶᠢᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠦᠷᠭᠦᠯᠵᠢᠯᠡᠭᠦᠯᠬᠦ ᠶᠣᠰᠣᠲᠠᠢ ᠶᠢ ᠨᠢ | ᠦᠷᠭᠦᠯᠵᠢᠯᠡᠭᠦᠯᠵᠦ᠂ ᠰᠢᠯᠢᠳᠡᠭᠵᠢᠭᠦᠯᠬᠦ ᠴᠢᠬᠤᠯᠠᠲᠠᠢ ᠶᠢ ᠨᠢ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠠᠵᠢᠯ ᠢ ᠰᠠᠶᠢᠲᠤᠷ ᠬᠢᠨ᠎ᠡ᠃ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ | ᠪᠥᠭᠡᠳ ᠬᠦᠴᠦᠲᠡᠢ ᠪᠠᠶᠢᠯᠭᠠᠨ᠎ᠠ᠃ ᠳᠡᠯᠭᠡᠷᠡᠩᠭᠦᠢ ᠤᠳᠬ᠎ᠠ ᠶᠢᠨ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ | ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠲᠠᠢ ᠦᠨᠳᠦᠰᠦᠨ ᠳᠡᠭᠡᠨ ᠵᠣᠬᠢᠴᠠᠯᠳᠤᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ | ᠳᠠᠮᠵᠢᠨ᠎ᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ | ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠠᠵᠤ ᠦᠢᠯᠡᠰ ᠤᠨ ᠲᠦᠷᠦ ᠶᠢᠨ | ᠪᠣᠳᠣᠯᠭ᠎ᠠ ᠳᠤ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠨ᠎ᠠ᠃ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠲᠡᠰ ᠳᠡᠪᠰᠢᠭᠦᠯᠭᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ | ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ | ᠬᠦᠴᠦᠯᠡᠨ ᠨᠥᠬᠦᠪᠦᠷᠢᠯᠡᠵᠦ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠳᠤ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠬᠦ ᠪᠥᠭᠡᠳ ᠤᠯᠠᠨ | ᠤᠯᠤᠰ ᠤᠨ ᠬᠠᠮᠲᠤᠷᠠᠯᠴᠠᠭ᠎ᠠ ᠶᠢ ᠪᠠᠷᠢᠮᠲᠠᠯᠠᠨ᠎ᠠ ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ | ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤᠮᠳᠠᠬᠢ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠭᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠡᠮᠵᠢᠭᠦ ᠪᠠ ᠲᠤᠪᠤᠶᠢᠯᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠵᠢᠴᠢ ᠪᠦᠯᠭᠦᠮ ᠨᠡᠶᠢᠳᠠ ᠶᠢ ᠬᠥᠮᠥᠵᠢᠭᠦᠯᠬᠦ ᠶᠢ ᠳᠡᠮᠵᠢᠭᠦ ᠡᠷᠴᠢᠮ ᠢ | ᠴᠢᠩᠭᠠᠷᠠᠭᠤᠯᠤᠨ᠎ᠠ᠃ ᠨᠡᠶᠢᠭᠡᠮ ᠤᠨ ᠲᠦᠷᠦ ᠶᠢᠨ ᠪᠣᠳᠣᠯᠭ᠎ᠠ ᠳᠤ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ | ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠣᠳᠠᠲᠠᠢ | ᠪᠥᠭᠡᠳ ᠨᠠᠷᠢᠯᠢᠭ ᠨᠠᠶᠢᠳᠠᠪᠤᠷᠢᠵᠢᠭᠤᠯᠤᠨ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠠᠳ ᠤᠨ ᠦᠨᠳᠦᠰᠦᠨ | ᠠᠮᠢᠳᠤᠷᠠᠯ ᠢ ᠦᠨᠡᠨ ᠬᠦ ᠪᠠᠲᠤᠯᠠᠨ᠎ᠠ᠃ | ᠣᠳᠣᠬᠠᠨ ᠳᠤ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠠᠵᠢᠯ ᠨᠢᠭᠡᠨᠲᠡ ︽ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ︾ ᠪᠡᠷᠪᠠᠶᠢᠩᠭᠤᠵᠢᠭᠤᠯᠤᠨ ᠰᠡᠷᠭᠡᠶᠢᠯᠡᠨ | ᠬᠢᠵᠠᠭᠠᠷᠯᠠᠬᠤ ᠱᠠᠲᠤᠨ ᠳᠤ ᠣᠷᠣᠪᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠭᠦ ᠲᠠᠯ᠎ᠠ ᠪᠠᠷ ᠰᠢᠨᠵᠢᠯᠡᠬᠦ | ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠰᠢᠨᠵᠢᠯᠡᠬᠦ ᠤᠬᠠᠭᠠᠨᠴᠢ᠂ | ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠡᠷᠡᠭᠦᠯ ᠮᠡᠨᠳᠦ ᠶᠢ ᠪᠠᠲᠤᠯᠠᠬᠤ᠂ ᠬᠦᠨᠳᠦ | ᠡᠪᠡᠳᠴᠢᠨ ᠢ ᠰᠡᠷᠭᠡᠶᠢᠯᠡᠬᠦ ᠶᠢᠨ ᠲᠣᠭᠤᠷᠢᠨ ᠳᠤ ᠨᠠᠰᠤᠲᠠᠶᠢᠴᠤᠳ᠂ ᠬᠡᠦᠬᠡᠳ ᠪᠠᠭᠠᠴᠤᠳ᠂ ᠬᠠᠭᠤᠴᠢᠨ ᠠᠷᠬᠠᠭ ᠲᠠᠢ | ᠬᠠᠮᠲᠤᠯᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠮᠨᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠸᠠᠺᠼᠢᠨ ᠢ ᠦᠶ᠎ᠡ ᠰᠣᠯᠢᠭᠳᠠᠭᠤᠯᠵᠤ ᠲᠡᠰ | ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢᠯᠡᠳᠭᠦ ᠶᠢ ᠠᠬᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠭᠦ ᠡᠮ | ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠰᠠᠬᠢᠨ ᠬᠠᠮᠠᠭᠠᠯᠠᠨ᠎ᠠ᠃ | ᠡᠨᠡ ᠵᠢᠯ ᠪᠣᠯ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠵᠢᠯ ᠪᠣᠯᠣᠨ᠎ᠠ᠂ ᠳᠡᠭᠡᠷ᠎ᠡ ᠮᠡᠳᠡᠭᠦᠯᠦᠭᠰᠡᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠤᠯᠡᠨ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠠᠯ᠎ᠠ ᠪᠠᠷ ᠬᠤᠶᠢᠰᠢᠳᠠ ᠪᠠᠰᠠ | ᠰᠢᠨᠲᠠᠷᠠᠰᠢ ᠦᠭᠡᠢ ᠴᠢᠷᠮᠠᠶᠢᠬᠤ ᠴᠢᠬᠤᠯᠠᠲᠠᠢ᠂ ᠳᠣᠣᠷ᠎ᠠ ᠬᠡᠳᠦᠨ ᠭᠤᠣᠯᠳᠠᠯᠭ᠎ᠠ ᠶᠢ ᠲᠣᠪᠴᠢᠯᠠᠨ ᠲᠣᠭᠠᠴᠢᠶ᠎ᠠ᠃ | ︵ᠨᠢᠭᠡ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠮᠠᠰᠢᠨ ᠲᠡᠷᠭᠡ ᠵᠡᠷᠭᠡ ᠶᠢᠨ ᠪᠥᠭᠡᠮ ᠬᠡᠷᠡᠭᠯᠡᠭᠡ ᠶᠢ ᠲᠣᠭᠲᠠᠭᠤᠨ ᠪᠠᠶᠢᠯᠭᠠᠵᠤ᠂ | ᠢᠳᠡᠭᠡᠨ ᠤᠮᠳᠠᠭᠠᠨ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ | ᠰᠡᠷᠭᠦᠭᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ | ᠤᠷᠮᠠᠰᠢᠭᠤᠯᠤᠯ ᠨᠢ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠵᠤ᠂ ᠡᠨᠡ ᠵᠢᠯ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 3.8 ᠲᠦᠮᠡᠨ ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ | ᠲᠦᠷᠭᠡᠯᠡᠨ ᠬᠡᠷᠡᠭᠵᠢᠭᠦᠯᠵᠦ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠪᠦᠰᠡ ᠶᠢᠨ | ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ | ᠠᠬᠢᠭᠤᠯᠵᠤ᠂ ᠬᠢᠵᠢᠭ ᠤᠨ ᠳᠠᠭᠠᠷᠢᠯᠲᠠ ᠨᠡᠯᠢᠶᠡᠳ ᠬᠦᠨᠳᠦ ᠨᠣᠴᠢᠲᠠᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠳᠡᠮᠵᠢᠭᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠣᠯᠣᠨ | ᠳᠤᠲᠠᠭᠤᠳᠠᠯ ᠢ ᠨᠥᠬᠦᠪᠦᠷᠢᠯᠡᠬᠦ ᠲᠥᠰᠥᠯ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠷᠠᠳ ᠤᠨ ᠬᠥᠷᠥᠩᠭᠡ ᠶᠢ | ᠵᠣᠷᠢᠭᠵᠢᠭᠤᠯᠤᠨ ᠲᠡᠳᠡᠨ ᠣᠷᠣᠯᠴᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ | ᠬᠥᠭᠵᠢᠭᠡᠬᠦ ᠪᠠᠷ ᠲᠥᠯᠥᠪᠯᠡᠵᠦ ᠪᠠᠶᠢᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠠᠵᠤ ᠦᠢᠯᠡᠰ ᠤᠨ | ᠬᠥᠭᠵᠢᠯᠲᠡ ᠳᠤ ᠦᠵᠡᠭᠦᠯᠭᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠬᠤ | ᠦᠢᠯᠡᠳᠦᠯ ᠢ ᠴᠢᠩᠭᠠᠳᠬᠠᠨ᠎ᠠ᠃ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠦᠷᠢᠯᠡᠬᠦ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠦᠢᠯᠡᠳᠭᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠵᠤ᠂ ᠰᠢᠨ᠎ᠡ ᠶᠢ ᠡᠭᠦᠳᠭᠦ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠨ᠎ᠡ᠃ ᠴᠢᠬᠤᠯᠠ ᠡᠨᠧᠷᠭᠢ ᠶᠢᠨ ᠰᠤᠷᠪᠤᠯᠵᠢ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠤᠯᠤᠰ ᠤᠨ ᠳᠣᠲᠣᠭᠠᠳᠤ ᠳᠠᠭᠠᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ | ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠨ᠎ᠠ᠃ ᠤᠯᠠᠮᠵᠢᠯᠠᠯᠲᠤ ᠠᠵᠤ ᠦᠢᠯᠡᠰ ᠪᠠ ᠳᠤᠮᠳᠠ ᠵᠢᠵᠢᠭ | ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠳᠡᠭᠡᠳᠦ ᠲᠡᠰᠴᠢᠯᠡᠯᠲᠡ᠂ | ᠣᠶᠤᠨᠴᠢᠯᠠᠯᠲᠠ᠂ ᠨᠣᠭᠤᠭᠠᠨᠵᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠰᠢᠭᠤᠷᠠᠯ | ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ᠥᠨᠳᠥᠷ ᠪᠦᠳᠦᠮᠵᠢᠳᠠᠢ ᠪᠥᠭᠡᠳ ᠰᠠᠭᠠᠳ ᠦᠭᠡᠢ | ᠨᠡᠪᠲᠡᠷᠡᠬᠦ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢ ᠶᠡᠭᠡ ᠪᠠᠷ | ᠬᠥᠭᠵᠢᠭᠦᠯᠵᠦ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠲᠠᠪᠴᠠᠩ ᠤᠨ | ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ᠃ | ︵ᠭᠤᠷᠪᠠ︶ ︽ᠬᠤᠶᠠᠷ ᠥᠴᠥᠬᠡᠨ ᠴᠦ ᠭᠤᠶᠢᠪᠢᠰᠢ ᠦᠭᠡᠢ︾ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ | ᠤᠯᠤᠰ ᠤᠨ ᠥᠮᠴᠢᠯᠡᠯ ᠤᠨ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ | ᠳᠡᠮᠵᠢᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ | ᠪᠠᠶᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠨ᠂ | ᠮᠥᠴᠡᠭᠡᠷᠬᠡᠨ ᠭᠦᠭᠵᠢᠭᠦ ᠣᠷᠴᠢᠨ ᠨᠥᠬᠦᠴᠡᠯ ᠢ ᠪᠤᠶ ᠪᠣᠯᠭᠠᠨ ᠥᠭᠴᠦ᠂ ᠦᠨᠡᠨ ᠪᠣᠳᠠᠲᠠᠢ ᠠᠷᠭ᠎ᠠ ᠪᠣᠳᠣᠯᠭ᠎ᠠ ᠪᠠᠷ ᠵᠠᠬ᠎ᠠ | ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠨ᠎ᠡ᠃ | ︵ ᠳᠥᠷᠪᠡ︶ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠥᠷᠭᠡᠳᠬᠡᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠨᠡᠭᠡᠭᠡᠯᠲᠡ ᠶᠢᠨ | ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ | ᠬᠠᠷᠢᠴᠠᠭ᠎ᠠ ᠶᠢᠨ ᠬᠡᠯᠡᠯᠴᠡᠭᠡᠷ ︵CPTPP︶ ᠵᠡᠷᠭᠡ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ | ᠬᠡᠯᠡᠯᠴᠡᠭᠡᠷ ᠲᠤ ᠣᠷᠣᠬᠤ ᠶᠢ ᠢᠳᠡᠪᠬᠢᠲᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠳᠦᠷᠢᠮᠯᠡᠯ᠂ | ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠲᠠᠢ ᠬᠠᠷᠢᠴᠠᠭᠤᠯᠤᠨ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠨ᠎ᠡ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ᠂ ᠡᠯ᠎ᠡ ᠲᠥᠰᠥᠯ ᠤᠨ ᠨᠡᠭᠡᠭᠡᠨ ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ | ᠲᠠᠪᠴᠠᠩ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠠᠳᠠᠭᠠᠳᠤ | ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ | ᠦᠷᠭᠦᠯᠵᠢᠯᠡᠨ ᠪᠠᠳᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ | ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ ᠨᠡᠭᠡᠭᠡᠯᠲᠡᠲᠡᠢ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠯᠠᠪᠲᠠᠢ ᠡᠯ᠎ᠡ | ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠭᠢᠶᠠᠯ ᠬᠠᠩᠭᠠᠵᠤ ᠴᠢᠳᠠᠨ᠎ᠠ | ᠃ | ︵ᠲᠠᠪᠤ︶ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠪᠤᠢ ᠪᠤᠯᠬᠤ ᠠᠴᠠ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠴᠢᠨᠠᠷ ᠰᠠᠶᠢᠲᠠᠢ | ᠲᠣᠯᠣᠭᠠᠶᠢᠯᠠᠭᠰᠠᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠳ᠋ | ᠬᠥᠷᠥᠩᠭᠡ ᠶᠢᠨ ᠥᠷᠢ ᠥᠭᠴᠡᠭᠡ ᠶᠢᠨ ᠪᠠᠶᠢᠳᠠᠯ ᠢ ᠰᠠᠶᠢᠵᠢᠷᠠᠭᠤᠯᠵᠤ᠂ ᠡᠮᠬᠢ ᠵᠢᠷᠤᠮ ᠦᠭᠡᠢ ᠥᠷᠭᠡᠵᠢᠬᠦ ᠠᠴᠠ ᠰᠡᠷᠭᠡᠶᠢᠯᠡᠨ | ᠬᠤᠷᠢᠭᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠲᠣᠭᠲᠠᠭᠤᠨ ᠢᠶᠠᠷ ᠭᠦᠭᠵᠢᠭᠦ ᠶᠢ | ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠥᠷᠢ ᠥᠭᠴᠡᠭᠡ ᠶᠢᠨ ᠬᠤᠭᠤᠴᠠᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠦᠦ | ᠮᠥᠩᠭᠦ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠮᠡᠭᠳᠡᠯ ᠢ ᠬᠤᠷᠢᠭᠯᠠᠵᠤ᠂ ᠬᠠᠳᠠᠭᠠᠯᠠᠯᠲᠠ ᠬᠡᠮᠵᠢᠶ᠎ᠡ ᠶᠢ ᠠᠷᠢᠯᠭᠠᠨ᠎ᠠ᠃ | ︵ᠵᠢᠷᠭᠤᠭ᠎ᠠ︶ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠳᠤᠰᠬᠤᠨ ᠤ ᠣᠳᠣᠬᠢᠴᠢᠯᠠᠯᠲᠠ ᠶᠢ | ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠣᠰᠣᠯᠢᠭ | ᠲᠠᠷᠢᠮᠠᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ | ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭᠠᠴᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ | ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ | ᠴᠢᠩᠭᠠᠳᠬᠠᠨ᠎ᠠ᠃ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠤᠷᠤᠯᠭ᠎ᠠ ᠶᠢ ᠪᠠᠲᠤᠯᠠᠬᠤ ᠲᠣᠭᠲᠠᠴᠠ ᠪᠠ ᠭᠤᠣᠯ | ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠮ ᠢᠳᠡᠭᠡᠨ ᠤ | ᠦᠵᠡᠯᠲᠡ ᠶᠢ ᠪᠤᠢ ᠪᠤᠯᠭᠠᠵᠤ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ | ᠪᠠᠶᠠᠵᠢᠬᠤ ᠠᠷᠭ᠎ᠠ ᠵᠠᠮ ᠢ ᠨᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠭᠦ ᠠᠴᠠ ᠡᠷᠡᠰ | ᠰᠡᠷᠭᠡᠶᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ ᠤᠷᠤᠭᠰᠢᠯᠠᠭᠤᠯᠤᠨ᠎ᠠ᠃ | ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠳᠠᠭᠢᠭᠠᠳ ᠭᠤᠴᠢᠨ ᠵᠢᠯ ᠤᠷᠲᠤᠳᠬᠠᠬᠤ ᠲᠤᠬᠠᠢ | ᠤᠯᠤᠰ ᠤᠨ ᠲᠦᠷᠦ ᠶᠢᠨ ᠪᠣᠳᠣᠯᠭ᠎ᠠ ᠶᠢ ᠡᠷᠬᠡᠪᠰᠢ ᠨᠠᠷᠢᠨ ᠨᠢᠮᠪᠠᠢ ᠠᠵᠢᠯᠯᠠᠬᠤ ᠪᠠᠷ ᠳᠠᠮᠵᠢᠭᠤᠯᠤᠨ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ | ︵ᠳᠣᠯᠤᠭ᠎ᠠ︶ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ ᠣᠷᠴᠢᠨ | ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠰᠠᠪᠠ ᠭᠠᠵᠠᠷ ᠤᠨ ᠶᠡᠷᠦᠩᠬᠡᠶᠢᠯᠡᠭᠰᠡᠨ | ᠵᠠᠰᠠᠯᠲᠠ ᠶᠢ ᠴᠢᠩᠭᠠᠳᠬᠠᠨ᠂ ᠬᠤᠳᠠ ᠬᠥᠳᠡᠭᠡ ᠶᠢᠨ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ | ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ | ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ | ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠳᠠᠭᠢᠨ ᠡᠭᠦᠰᠴᠦ ᠪᠤᠯᠬᠤ ᠡᠨᠧᠷᠭᠢ ᠶᠢᠨ | ᠰᠤᠷᠪᠤᠯᠵᠢ ᠶᠢᠨ ᠡᠵᠡᠯᠡᠭᠦ ᠬᠠᠷᠢᠴᠠᠯ ᠢ ᠳᠡᠭᠡᠭᠰᠢᠯᠡᠭᠦᠯᠦᠨ᠎ᠠ᠃ ᠨᠣᠭᠤᠭᠠᠨ ᠬᠥᠭᠵᠢᠯᠲᠡ ᠶᠢ ᠳᠡᠮᠵᠢᠭᠦ ᠲᠥᠷᠥ ᠶᠢᠨ ᠪᠣᠳᠣᠯᠭ᠎ᠠ | ᠪᠠ ᠮᠥᠩᠭᠦᠨ ᠭᠦᠢᠯᠭᠡᠭᠡᠨ ᠤ ᠪᠠᠭᠠᠵᠢ ᠶᠢ ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠦᠨ᠂ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠢ ᠪᠠᠭᠠᠰᠬᠠᠬᠤ ᠶᠢ | ᠠᠬᠢᠭᠤᠯᠵᠤ᠂ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ | ᠬᠢᠨ᠎ᠡ᠃ | ︵ᠨᠠᠢᠮᠠ︶ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ᠃ | ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ | ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ ᠂ ᠰᠢᠨ᠎ᠡ ᠬᠤᠳᠠ ᠶᠢᠨ ᠠᠷᠠᠳ᠂ | ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ᠂ ᠬᠠᠭᠤᠴᠢᠨ ᠰᠠᠭᠤᠭᠠᠯᠢ | ᠲᠣᠭᠤᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠦᠷᠭᠡᠯᠡᠨ ᠠᠬᠢᠭᠤᠯᠤᠨ᠎ᠠ | ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ | ᠴᠣᠭᠴᠠᠵᠢᠯᠲᠠ ᠶᠢ ᠠᠬᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠶᠡᠭᠡ ᠪᠠᠷ ᠬᠥᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢ | ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ | ᠬᠥᠭᠵᠢᠯᠲᠡ ᠶᠢ ᠳᠡᠮᠵᠢᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ | ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ | ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ | ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ | ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠮᠡᠳᠡᠷᠡᠯ ᠤᠨ ᠡᠷᠡᠭᠦᠯ | ᠬᠠᠮᠠᠭᠠᠯᠠᠯ ᠢ ᠴᠢᠬᠤᠯᠠᠴᠢᠯᠠᠨ᠎ᠠ᠃ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ | ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠴᠡᠷᠢᠭ ᠪᠠ ᠴᠡᠷᠢᠭ ᠤᠨ ᠭᠡᠷ | ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ | ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠰᠣᠶᠣᠯ ᠤᠨ ᠠᠵᠢᠯ ᠦᠢᠯᠡᠰ ᠪᠠ ᠰᠣᠶᠣᠯ ᠤᠨ ᠠᠵᠤ ᠦᠢᠯᠡᠰ ᠢ | ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ | ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ | ᠤᠯᠤᠰ ᠢ ᠪᠦᠲᠦᠭᠡᠨ ᠪᠠᠶᠢᠭᠤᠯᠤᠨ᠎ᠠ᠃ | ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ | ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠭᠦ ᠵᠠᠰᠠᠭ ᠤᠨ ᠣᠷᠳᠣᠨ᠂ ᠠᠷᠢᠭᠤᠨ ᠴᠢᠬᠡᠴᠢ | ᠵᠠᠰᠠᠭ ᠤᠨ ᠣᠷᠳᠣᠨ ᠪᠠ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ | ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠳᠦᠮᠵᠢ ᠪᠠ ᠤᠯᠠᠨ ᠨᠡᠶᠢᠳᠠ ᠶᠢ ᠢᠳᠡᠭᠡᠭᠦᠯᠭᠦ | ᠬᠦᠴᠦᠨ ᠢ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠠ᠋︕ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ | ᠭᠤᠣᠯ ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠴᠡᠴᠡᠭᠯᠡᠨ | ᠭᠦᠭᠵᠢᠭᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ | ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ | ᠢᠳᠡᠪᠬᠢᠲᠡᠢ ᠬᠥᠲᠥᠯᠥᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ | ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ | ᠬᠥᠪᠡᠭᠦᠳ ᠥᠬᠢᠳ ᠤᠨ ᠰᠡᠳᠬᠢᠯ ᠨᠢᠭᠡᠳᠦᠨ ᠲᠡᠮᠡᠴᠡᠬᠦ᠂ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ | ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃ | ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ | ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠡᠮᠡᠴᠡᠯ ᠬᠢᠬᠦ ᠶᠢᠨ | ᠳᠠᠭᠠᠤ ᠳᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠵᠦ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ | ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ | ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ | ᠡᠭᠦᠳᠴᠦ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ᠂ ᠡᠯ᠎ᠡ ᠴᠢᠭᠯᠡᠯ ᠡᠯ᠎ᠡ | ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ ᠃ ᠴᠡᠷᠢᠭ ᠤᠨ | ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠢᠬᠤᠯᠠ ᠶᠡᠭᠡ ᠡᠭᠦᠷᠭᠡ ᠶᠢᠨ | ᠲᠡᠮᠡᠴᠡᠯ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠳᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠯᠡᠬᠦ ᠶᠢ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ | ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠳᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ︽ᠬᠤᠶᠠᠷ ᠢ ᠬᠦᠷᠢᠶᠡᠯᠡᠬᠦ︾ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ | ᠬᠦᠴᠦ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ | ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ | ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠵᠤ᠂ ︽ᠡᠬᠡ | ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ | ᠵᠠᠷᠴᠢᠮ ᠢ ᠨᠠᠶᠢᠳᠠᠪᠤᠷᠢᠵᠢᠭᠤᠯᠤᠨ᠎ᠠ᠃ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ | ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ | ᠣᠨ ᠤ ᠬᠠᠮᠲᠤ ᠶᠢᠨ ᠲᠠᠨᠢᠯᠲᠠ︾ ᠵᠢᠪᠠᠷᠢᠮᠲᠠᠯᠠᠵᠤ᠂ ︽ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ ᠨᠢᠭᠡᠳᠦᠯ ᠢ | ᠡᠷᠡᠰ ᠠᠬᠢᠭᠤᠯᠤᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ | ᠠᠬᠢᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠲᠠᠶᠢᠸᠠᠨ ᠬᠤᠭᠤᠯᠠᠢ ᠶᠢᠨ | ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ ᠶᠤᠮ᠂ ᠬᠤᠶᠠᠷ ᠲᠠᠯ᠎ᠠ ᠶᠢᠨ ᠠᠵᠤ ᠠᠬᠤᠢ | ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠲᠠᠶᠢᠸᠠᠨ ᠤ ᠠᠬ᠎ᠠ ᠳᠡᠭᠦᠦ ᠨᠠᠷ ᠤᠨ ᠠᠵᠠ ᠵᠢᠷᠭᠠᠯ ᠢ | ᠨᠡᠮᠡᠭᠳᠡᠭᠦᠯᠬᠦ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠶᠢᠸᠠᠨ ᠬᠤᠭᠤᠯᠠᠢ ᠶᠢᠨ ᠬᠤᠶᠠᠷ | ᠲᠠᠯ᠎ᠠ ᠪᠠᠷ ᠢᠶᠠᠨ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ ᠬᠡᠷᠡᠭᠲᠡᠢ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠭᠦᠷᠰᠡᠭ | ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ | ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ | ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ | ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠪᠠ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ᠲᠥᠯᠥᠭᠡᠯᠡᠭᠴᠢᠳ ᠠ᠋︕ | ᠰᠢᠷᠭᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠶᠢ ᠣᠯᠵᠤ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ | ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ | ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ | ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 14 ᠤ ᠴᠠᠬᠢᠯᠭᠠᠨ ᠮᠡᠳᠡᠭᠡ︶ | ︵ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠤᠨ | |