ᠮᠠᠩᠨᠤᠳ ᠪᠠᠯᠭᠠᠰᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2023/3/23
 ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠯᠠᠩ ᠤᠨ ᠪᠣᠬᠢᠷᠳᠤᠯ ᠢ ᠪᠦᠲᠦᠮᠵᠢᠲᠡᠢ ᠰᠡᠷᠭᠡᠶᠢᠯᠡᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠵᠢᠯ ᠢ ᠪᠠᠲᠤᠳᠬᠠᠬᠤ ᠶᠢᠨ ᠲᠥᠯᠥᠭᠡ᠂ ᠨᠢᠩᠴᠧᠩ ᠰᠢᠶᠠᠨ ᠤ ᠮᠠᠩᠨᠤᠳ ᠪᠠᠯᠭᠠᠰᠤ ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠲᠠᠷᠢᠶᠠᠯᠠᠩ ᠤᠨ ᠪᠣᠬᠢᠷᠳᠤᠯ ᠤᠨ ᠡᠬᠢ ᠡᠭᠦᠰᠦᠯ ᠢ ᠵᠠᠰᠠᠬᠤ ᠴᠢᠬᠤᠯᠠ ᠠᠷᠭ᠎ᠠ ᠬᠡᠮᠵᠢᠶ᠎ᠡ ᠪᠣᠯᠭᠠᠨ ᠠᠳᠬᠤᠬᠤ ᠶᠢ ᠪᠠᠷᠢᠮᠲᠠᠯᠠᠵᠤ᠂ ᠡᠯ᠎ᠡ ᠲᠣᠰᠬᠤᠨ ᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠱᠠᠯᠠᠪᠳᠠᠭᠤᠯᠤᠨ ᠵᠢᠯᠤᠭᠤᠳᠴᠤ᠂ ᠪᠣᠬᠢᠷᠳᠤᠯ ᠢ ᠰᠡᠷᠭᠡᠶᠢᠯᠡᠨ ᠵᠠᠰᠠᠬᠤ︽ᠪᠣᠭᠤᠮᠲᠠ ᠰᠢᠪᠲᠤᠯᠬᠤ ᠳᠠᠶᠢᠯᠠᠯᠳᠤᠭᠠᠨ︾︾ ᠢ ᠦᠷᠭᠦᠯᠵᠢᠯᠡᠨ ᠰᠠᠶᠢᠲᠤᠷ ᠬᠢᠵᠦ ᠪᠤᠢ᠃  ᠮᠠᠩᠨᠤᠳ ᠪᠠᠯᠭᠠᠰᠤ ︽ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ᠂ ᠨᠠᠮ ᠤᠨ ᠭᠡᠰᠢᠭᠦᠨ ᠤᠷᠢᠳᠠᠪᠠᠷ ᠦᠯᠢᠭᠡᠷ ᠵᠢᠱᠢᠶ᠎ᠡ ᠦᠵᠡᠭᠦᠯᠬᠦ᠂ ᠪᠦᠬᠦ ᠲᠠᠯ᠎ᠠ  ᠪᠠᠷ ᠨᠢᠭᠡᠳᠦᠯᠲᠡᠢ ᠲᠥᠯᠥᠪᠯᠡᠨ ᠠᠬᠢᠭᠤᠯᠬᠤ︾ ᠪᠠᠷ ᠵᠠᠷᠴᠢᠮ ᠪᠣᠯᠭᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠭᠦᠨᠵᠡᠭᠡᠢ ᠠᠭᠤᠰᠤᠯᠴᠠᠭᠤᠯᠵᠤ᠂ ᠡᠷᠦᠬᠡ ᠳᠤ ᠬᠦᠷᠴᠦ ᠤᠬᠠᠭᠤᠯᠤᠨ ᠳᠠᠶᠢᠴᠢᠯᠠᠬᠤ᠂ ᠤᠬᠠᠭᠤᠯᠭ᠎ᠠ ᠶᠢᠨ ᠬᠠᠭᠤᠳᠠᠰᠤ ᠳᠠᠷᠤᠮᠠᠯᠯᠠᠨ ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠥᠷᠭᠡᠨ ᠢᠶᠠᠷ ᠤᠬᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠣᠷᠴᠢᠨ ᠲᠣᠭᠤᠷᠢᠨ᠂ ᠲᠠᠷᠢᠶᠠᠨ ᠭᠠᠵᠠᠷ ᠤᠨ ᠪᠣᠬᠢᠷᠳᠤᠯ ᠳᠤ ᠦᠵᠡᠭᠦᠯᠬᠦ ᠬᠤᠣᠷ ᠬᠥᠨᠥᠭᠡᠯᠳᠦ ᠴᠢᠨᠠᠷ ᠵᠢᠴᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠥᠬᠦ ᠲᠠᠯ᠎ᠠ ᠪᠠᠷ ᠤᠬᠠᠭᠤᠯᠵᠤ᠂ ᠣᠯᠠᠨ ᠲᠦᠮᠡᠨ ᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠲᠡᠭᠦᠬᠦ ᠢᠳᠡᠪᠬᠢᠵᠢᠯ ᠢ ᠭᠦᠢᠴᠡᠳ ᠳᠠᠶᠢᠴᠢᠯᠠᠨ᠂ ᠬᠥᠮᠥᠨ ᠪᠦᠬᠦᠨ ᠬᠦᠴᠦ ᠭᠠᠷᠭᠠᠬᠤ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠪᠠ᠃ᠡᠭᠦᠨ ᠤ ᠬᠠᠮᠲᠤ᠂ ︽ᠮᠠᠰᠢᠨ ᠢᠶᠠᠷ ᠠᠵᠢᠯᠯᠠᠬᠤ + ᠬᠥᠮᠥᠨ ᠤ ᠬᠦᠴᠦ ᠪᠠᠷ  ᠲᠡᠭᠦᠬᠦ︾ ᠶᠢ ᠵᠡᠷᠭᠡᠪᠡᠷ ᠥᠷᠨᠢᠭᠦᠯᠬᠦ ᠠᠷᠭ᠎ᠠ ᠮᠠᠶ᠋ᠢᠭ ᠢ ᠠᠪᠴᠤ ᠂ ᠲᠠᠷᠢᠶᠠᠨ ᠭᠠᠵᠠᠷ ᠤᠨ  ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠭᠦᠯ ᠢ ᠭᠤᠣᠯᠳᠠᠯᠭ᠎ᠠ ᠲᠠᠢ ᠪᠠᠷ ᠪᠥᠬᠦ ᠲᠠᠯ᠎ᠠ ᠪᠠᠷ ᠴᠡᠪᠡᠷᠯᠡᠵᠦ᠂ ᠶᠡᠭᠡ ᠲᠠᠯᠠᠪᠠᠶ ᠶᠢᠨ ᠰᠦᠯᠢᠶᠥᠦ ᠪᠦᠷᠬᠦᠪᠴᠢ ᠶᠢ ᠴᠡᠪᠡᠷᠯᠡᠬᠦ ᠳᠤ ᠲᠤᠰᠬᠠᠢ ᠮᠡᠷᠭᠡᠵᠢᠯ ᠤᠨ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠶᠢ ᠬᠡᠷᠡᠭᠯᠡᠨ ᠠᠵᠢᠯᠯᠠᠵᠤ᠂ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠶᠢ ᠪᠦᠷᠢᠮᠦᠰᠦᠨ ᠴᠡᠪᠡᠷᠯᠡᠬᠦ ᠶᠢᠨ ᠠᠷᠭ᠎ᠠ ᠦᠭᠡᠢ ᠦᠯᠡᠳᠡᠭᠳᠡᠯ ᠪᠦᠷᠬᠦᠪᠴᠢ ᠶᠢ ᠲᠠᠷᠢᠶᠠᠴᠢᠨ ᠡᠷᠦᠬᠡ ᠲᠡᠭᠦᠵᠦ ᠲᠥᠪᠯᠡᠷᠡᠭᠦᠯᠦᠨ ᠰᠢᠢᠳᠪᠦᠷᠢᠯᠡᠨ᠎ᠡ᠃  ᠣᠳᠣᠬᠠᠨ ᠪᠣᠯᠲᠠᠯ᠎ᠠ᠂ ᠮᠠᠩᠨᠤᠳ ᠪᠠᠯᠭᠠᠰᠤ ᠲᠤᠰᠬᠠᠢ ᠰᠡᠳᠦᠪᠲᠦ ᠬᠤᠷᠠᠯ ᠢ 3 ᠤᠳᠠᠭ᠎ᠠ ᠬᠤᠷᠠᠯᠳᠤᠭᠤᠯᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ 75 ᠬᠤᠪᠢ ᠲᠠᠷᠬᠠᠭᠠᠪᠠ᠃ᠬᠠᠷᠢᠶᠠᠲᠤ ᠣᠷᠣᠨ ᠤ ᠳᠣᠲᠣᠷᠠᠬᠢ 15 ᠵᠠᠰᠠᠭ ᠵᠠᠬᠢᠷᠭᠠᠨ ᠤ ᠲᠣᠰᠬᠤᠨ ᠳᠤ ᠰᠦᠯᠢᠶᠥᠦ ᠪᠦᠷᠬᠦᠪᠴᠢ ᠶᠢ ᠴᠡᠪᠡᠷᠯᠡᠬᠦ 45 ᠲᠠᠷᠢᠶᠠᠯᠠᠩ ᠤᠨ ᠮᠠᠰᠢᠨ ᠲᠡᠷᠭᠡ ᠶᠢ ᠲᠣᠮᠢᠯᠠᠵᠤ᠂ ᠨᠢᠭᠡᠨᠲᠡ 35000 ᠭᠠᠷᠤᠢ ᠮᠦ ᠦᠯᠡᠳᠡᠭᠳᠡᠯ ᠪᠦᠷᠬᠦᠪᠴᠢ ᠶᠢ ᠲᠡᠭᠦᠵᠦ᠂ 95 ᠲᠣᠨ ᠰᠦᠯᠢᠶᠥᠦ ᠪᠦᠷᠬᠦᠪᠴᠢ ᠶᠢ ᠬᠤᠷᠢᠶᠠᠨ ᠠᠪᠤᠪᠠ᠃ᠳᠠᠷᠠᠭᠠᠴᠢ ᠶᠢᠨ ᠠᠯᠬᠤᠮ ᠳᠤ᠂ ᠮᠠᠩᠨᠤᠳ ᠪᠠᠯᠭᠠᠰᠤ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠵᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠲᠣᠰᠬᠤᠨ ᠤ ᠰᠦᠯᠢᠶᠥᠦ ᠪᠦᠷᠬᠦᠪᠴᠢ ᠶᠢ ᠴᠡᠪᠡᠷᠯᠡᠭᠰᠡᠨ ᠠᠬᠢᠴᠠ ᠶᠢ ᠱᠠᠯᠠᠪᠳᠠᠭᠤᠯᠤᠨ ᠪᠠᠶᠢᠴᠠᠭᠠᠨ᠎ᠠ᠃ ᠲᠤᠰᠬᠤᠨ ᠤ ᠠᠷᠠᠳ ᠤᠨ ᠵᠥᠪᠯᠡᠯ ᠤᠨ ᠬᠢᠨᠠᠨ ᠰᠢᠯᠭᠠᠬᠤ ᠨᠠᠷᠢᠨ ᠳᠦᠷᠢᠮ ᠲᠠᠢ ᠤᠶᠠᠯᠳᠤᠭᠤᠯᠤᠨ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠭᠦᠢᠴᠡᠳ ᠴᠡᠪᠡᠷᠯᠡᠭᠰᠡᠨ ᠦᠭᠡᠢ ᠲᠣᠰᠬᠤᠨ ᠢ ᠱᠠᠩᠨᠠᠵᠤ ᠲᠣᠷᠭᠠᠬᠤ ᠠᠷᠭ᠎ᠠ ᠶᠢ ᠴᠢᠩᠭ᠎ᠠ ᠵᠢᠷᠤᠮᠯᠠᠨ ᠰᠢᠢᠳᠬᠡᠨ᠎ᠡ᠃ᠡᠯ᠎ᠡ ᠲᠣᠰᠬᠤᠨ ᠢ ᠰᠢᠮᠳᠠᠭᠤᠯᠵᠤ ᠪᠠᠶᠢᠭᠠᠳ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠢᠯᠭᠠᠷᠠᠭᠤᠯᠵᠤ ᠬᠤᠷᠢᠶᠠᠨ ᠠᠪᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠦᠷᠢᠮ ᠲᠠᠢ᠂ ᠰᠢᠮᠳᠠᠭᠤᠯᠵᠤ᠂ ᠬᠢᠨᠠᠨ ᠰᠢᠯᠭᠠᠬᠤ ᠲᠠᠢ︾ ᠪᠠᠶᠢᠳᠠᠯ ᠢ ᠪᠣᠶ ᠪᠣᠯᠭᠠᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠤᠨ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号