ᠨᠢᠩᠴᠧᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠰᠢᠭᠤᠳ ᠨᠡᠪᠲᠡᠷᠡᠭᠦᠯᠭᠡ ᠬᠢᠵᠦ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠵᠦᠢᠯᠡᠰ ᠲᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠵᠠᠢ
ᠨᠡᠶᠢᠲᠡᠯᠡᠭᠰᠡᠨ ᠴᠠᠭ᠄
2023/3/23
  ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠨᠡᠩ ᠰᠠᠶᠢᠨ ᠰᠢᠯᠢᠳᠡᠭᠵᠢᠭᠦᠯᠦᠨ᠂ ᠨᠢᠩᠴᠧᠩ ᠰᠢᠶᠠᠨ ᠤ ᠠᠵᠤ ᠠᠬᠤᠶᠢᠯᠠᠯ ᠵᠢᠴᠢ ᠣᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ︽ᠡᠴᠦᠰ ᠤᠨ ᠨᠢᠭᠡ ᠺᠢᠯᠣᠮᠧᠲᠷ︾ ᠲᠤ ᠨᠠᠶᠢᠳᠠᠪᠤᠷᠢᠵᠢᠭᠤᠯᠤᠭᠳᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ︽ᠨᠢᠩᠴᠧᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠭᠤᠳ ᠨᠡᠪᠲᠡᠷᠡᠭᠦᠯᠭᠡ ᠶᠢᠨ ᠲᠠᠰᠤᠭ︾ ᠢ ᠭᠠᠷᠭᠠᠵᠤ᠂ 3 ᠰᠠᠷ᠎ᠠ ᠶᠢᠨ 8 ᠤ ᠡᠳᠦᠷ ᠠᠩᠬ᠎ᠠ ᠨᠡᠪᠲᠡᠷᠡᠭᠦᠯᠦᠭᠰᠡᠨ ᠠᠴᠠ ᠨᠠᠰᠢ᠂ ᠭᠠᠷᠠᠭ ᠪᠦᠷᠢ ᠶᠢᠨ ᠳᠥᠷᠪᠡᠨ ᠤ ᠣᠷᠣᠢ ᠶᠢᠨ 7 ᠴᠠᠭ ᠲᠤ  ᠵᠠᠰᠠᠭ ᠤᠨ ᠶᠠᠪᠤᠳᠠᠯ ᠤᠨ ᠲᠥᠪ ᠤᠨ ᠴᠣᠩᠬᠤᠨ ᠤ ᠨᠢᠭᠡ ᠬᠠᠷᠢᠭᠤᠴᠠᠯᠭᠠᠲᠠᠨ ᠢ ᠤᠷᠢᠵᠤ ᠰᠢᠭᠤᠳ ᠨᠡᠪᠲᠡᠷᠡᠭᠦᠯᠬᠦ ᠲᠠᠰᠤᠯᠭ᠎ᠠ ᠳᠤ ᠣᠷᠣᠯᠴᠠᠭᠤᠯᠵᠤ ᠰᠢᠭᠤᠳ ᠨᠡᠪᠲᠡᠷᠡᠭᠦᠯᠬᠦ ᠲᠠᠰᠤᠭ ᠲᠤ ᠰᠢᠭᠤᠳ ᠨᠡᠪᠲᠡᠷᠡᠭᠦᠯᠬᠦ ᠠᠷᠭ᠎ᠠ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠵᠢᠴᠢ ᠡᠯ᠎ᠡ ᠴᠣᠩᠬᠤᠨ ᠤ ᠲᠤᠬᠠᠶᠢᠯᠠᠭᠰᠠᠨ ᠠᠵᠢᠯ ᠤᠨ ᠠᠵᠢᠯᠲᠠᠨ ᠠᠴᠠ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠵᠦᠢᠯᠡᠰ ᠲᠤ ᠲᠤᠬᠠᠢ ᠶᠢᠨ ᠲᠠᠯᠠᠪᠤᠷ ᠤᠨ ᠲᠠᠶᠢᠯᠤᠮᠵᠢ ᠬᠢᠵᠦ᠂ ᠣᠳᠣᠬᠠᠨ ᠳᠤ ᠨᠢᠭᠡᠨᠲᠡ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠢ ᠡᠬᠢᠯᠡᠨ ᠨᠠᠪᠲᠠᠷᠡᠭᠦᠯᠵᠦ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠬᠥᠮᠥᠨ ᠤ ᠲᠤᠭ᠎ᠠ ᠲᠦᠮᠡᠨ ᠬᠥᠮᠥᠨ ᠢ ᠳᠠᠪᠠᠵᠤ᠂ ᠠᠩᠬᠠᠷᠤᠯ ᠤᠨ ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠤ ᠰᠠᠶᠢᠨ ᠦᠨᠡᠯᠡᠯᠲᠡ ᠶᠢ ᠤᠯᠪᠠ᠃  ᠵᠠᠯᠭᠠᠭᠠᠳ ᠨᠢᠩᠴᠧᠩ ᠰᠢᠶᠠᠨ ᠤ ᠬᠢᠨ 38 ᠦᠢᠯᠡᠴᠢᠯᠡᠭᠡᠨ ᠤ ᠬᠠᠷᠢᠭᠤᠴᠠᠯᠭᠠᠲᠠᠨ ᠢ ᠵᠠᠯᠭᠠᠭ᠎ᠠ ᠪᠠᠷ ᠤᠷᠢᠵᠤ ᠰᠢᠭᠤᠳ ᠨᠡᠪᠲᠡᠷᠡᠭᠦᠯᠬᠦ ᠲᠠᠰᠤᠯᠭ᠎ᠠ ᠳᠤ ᠤᠷᠢᠨ᠂ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷᠡᠬᠢ ᠠᠰᠠᠭᠤᠯᠲᠠ ᠳᠤ ᠬᠠᠷᠢᠭᠤᠯᠲᠠ ᠬᠠᠩᠭᠠᠬᠤ ᠶᠢᠨ ᠬᠠᠮᠲᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠᠷ ᠵᠠᠰᠠᠭ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠣᠯᠠᠨ ᠲᠦᠮᠡᠨ ᠳᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ ᠠᠪᠴᠢᠷᠠᠭᠰᠠᠨ ᠲᠥᠬᠦᠮ ᠨᠥᠬᠦᠴᠡᠯ ᠢ ᠮᠡᠳᠡᠷᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号