| ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ︽ᠪᠠᠭᠠᠰᠬᠠᠬᠤ ᠦᠭᠡᠢ︾᠂ | ︽ᠲᠣᠭᠲᠠᠭᠤᠨ ᠢᠶᠠᠷ ᠦᠷᠳᠡᠭ ᠨᠡᠮᠡᠭᠳᠡᠭᠦᠯᠬᠦ︾᠂︽ᠦᠷ᠎ᠡ ᠠᠰᠢᠭ ᠲᠠᠢ︾ᠪᠠᠶᠢᠬᠤ ᠶᠢ ᠪᠠᠲᠤᠯᠠᠬᠤ ᠶᠢᠨ ᠲᠥᠯᠥᠭᠡ᠂ | ᠨᠢᠩᠴᠧᠩ ᠰᠢᠶᠠᠨ︽ᠭᠤᠷᠪᠠ ᠶᠢ ᠪᠣᠳᠠᠲᠠᠶᠢᠵᠢᠭᠤᠯᠬᠤ︾ ᠪᠠᠷ ᠭᠠᠷᠳᠠᠴᠠ ᠪᠣᠯᠭᠠᠵᠤ᠂ ᠶᠠᠳᠠᠭᠤ ᠶᠢ ᠲᠡᠳᠬᠦᠬᠦ ᠲᠦᠷᠦᠯ | ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠣᠨ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ | ᠨᠢᠭᠡ ᠳᠤ ᠲᠣᠭᠲᠠᠴᠠ ᠶᠢ ᠪᠤᠳᠠᠳᠠᠶᠢᠵᠢᠭᠤᠯᠪᠠ᠃ᠭᠠᠵᠠᠷ ᠣᠷᠣᠨ ᠪᠠ ᠴᠠᠭ ᠬᠤᠭᠤᠴᠠᠭ᠎ᠠ ᠪᠠ ᠬᠡᠷᠡᠭᠴᠡᠭᠡ ᠠᠴᠠ | ᠪᠣᠯᠵᠤ ︽ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ᠂ ᠡᠳᠦᠷ ᠲᠤᠲᠤᠮ ᠤᠨ ᠬᠠᠮᠢᠶᠠᠷᠤᠨ ᠬᠠᠮᠠᠭᠠᠯᠠᠬᠤ ᠲᠣᠭᠲᠠᠴᠠ᠂ ᠮᠥᠷᠳᠡᠨ ᠰᠢᠯᠭᠠᠨ ᠦᠨᠡᠯᠡᠬᠦ | ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ︾ ᠶᠢ ᠪᠠᠶᠢᠭᠤᠯᠵᠤ᠂ ︽ᠬᠡᠪ ᠤᠨ ᠬᠠᠮᠢᠶᠠᠷᠤᠨ ᠬᠠᠮᠠᠭᠠᠯᠠᠬᠤ | ︱ ᠠᠶᠤᠯ ᠲᠦᠭᠰᠢᠭᠦᠷᠢ ᠶᠢ ᠠᠷᠢᠯᠭᠠᠬᠤ ︱ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︱ ᠬᠠᠷᠢᠭᠤᠴᠠᠯᠭ᠎ᠠ | ᠨᠡᠬᠡᠮᠵᠢᠯᠡᠬᠦ︾ ᠪᠢᠲᠡᠭᠦᠦ ᠬᠠᠮᠢᠶᠠᠷᠤᠯᠲᠠ ᠶᠢᠨ ᠵᠠᠭᠪᠤᠷ ᠢ ᠪᠣᠶ ᠪᠣᠯᠭᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢ ᠬᠠᠮᠢᠶᠠᠷᠬᠤ ᠬᠥᠮᠥᠨ ᠲᠠᠢ᠂ ᠰᠠᠶᠢᠲᠤᠷ ᠬᠠᠮᠢᠶᠠᠷᠴᠤ᠂ ᠦᠷ᠎ᠡ ᠠᠰᠢᠭ ᠲᠠᠢ ᠪᠠᠶᠢᠬᠤ ᠶᠢ ᠦᠨᠡᠨ ᠬᠦ | ᠪᠠᠲᠤᠯᠠᠪᠠ᠃ | ᠬᠤᠶᠠᠷ ᠲᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ᠃ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠢᠶᠠᠨ᠂ ᠪᠠᠯᠭᠠᠰᠤ᠂ ᠲᠣᠰᠬᠤᠨ᠂ ᠡᠷᠦᠬᠡ ᠶᠢᠨ ᠡᠯ᠎ᠡ ᠱᠠᠲᠤᠨ ᠤ ᠡᠷᠬᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ | ᠬᠠᠮᠲᠤᠪᠠᠷ ᠬᠠᠮᠢᠶᠠᠷᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠡᠰ ᠳᠠᠷᠠᠭᠠᠯᠠᠯ | ᠨᠢ ᠵᠢᠷᠤᠮᠵᠢᠯ ᠲᠠᠢ᠂ ᠠᠵᠢᠯᠯᠠᠭ᠎ᠠ ᠨᠢ ᠢᠯᠡ ᠲᠣᠳᠣ ᠪᠠᠶᠢᠬᠤ ᠶᠢ ᠪᠠᠲᠤᠯᠠᠵᠤ᠂ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠬᠤᠶᠢᠰᠢᠳᠠ ᠶᠢᠨ ᠬᠢᠨᠠᠯᠲᠠ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠤᠷᠢᠯᠡᠪᠡ᠃ | | ᠭᠤᠷᠪᠠ ᠳᠤ ᠦᠷ᠎ᠡ ᠠᠰᠢᠭ ᠢ ᠪᠤᠳᠠᠳᠠᠶᠢᠵᠢᠭᠤᠯᠪᠠ᠃ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠵᠠᠯᠭᠠᠮᠵᠢ | ᠬᠠᠮᠢᠶᠠᠷᠤᠯᠲᠠ ᠡᠵᠡᠩᠨᠡᠯᠲᠡ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠵᠤ᠂ | ︽ᠵᠢᠷᠤᠮᠵᠢᠯ︾ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠶᠠᠳᠠᠭᠤ ᠶᠢ ᠲᠡᠳᠬᠦᠬᠦ ᠡᠳ᠋ | ᠬᠥᠷᠥᠩᠭᠡ ᠶᠢᠨ ᠦᠷ᠎ᠡ ᠠᠰᠢᠭ ᠤᠨ ᠨᠠᠷᠢᠯᠢᠭ ᠣᠨᠣᠴᠠᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ | ᠦᠢᠯᠡᠳᠦᠯ ᠦᠵᠡᠭᠦᠯᠬᠦ ᠶᠢ ᠦᠨᠡᠨ ᠬᠦ ᠪᠠᠲᠤᠯᠠᠪᠠ᠃ | ᠣᠳᠣ ᠪᠣᠯᠲᠠᠯ᠎ᠠ᠂ ᠨᠢᠩᠴᠧᠩ ᠰᠢᠶᠠᠨ ᠤ ᠡᠵᠡᠩᠨᠡᠯᠲᠡ ᠶᠢᠨ ᠲᠥᠷᠥᠯ ᠤᠨ ᠶᠠᠳᠠᠭᠤ ᠶᠢ ᠲᠡᠳᠬᠦᠬᠦ ᠪᠡᠯᠡ | ᠬᠥᠷᠥᠩᠭᠡ ᠠᠴᠠ 6566.88 ᠲᠦᠮᠡᠨ ᠲᠥᠭᠦᠷᠢᠭ ᠤᠨ ᠠᠰᠢᠭ ᠣᠷᠣᠯᠭ᠎ᠠ ᠬᠤᠷᠢᠶᠠᠵᠤ᠂ ᠨᠡᠶᠢᠲᠡ 217 | ᠲᠣᠰᠬᠤᠨ ᠢ ᠬᠠᠪᠰᠤᠷᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠠᠮ᠂ | ᠤᠰᠤ ᠤᠮᠳᠠ ᠶᠢᠨ ᠠᠮᠤᠷ ᠲᠦᠪᠰᠢᠨ ᠵᠡᠷᠭᠡ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ | 38 ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠥᠳᠡᠯᠮᠦᠷᠢ ᠶᠢᠨ ᠬᠦᠴᠦᠨ ᠳᠤ 1384 ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ᠂ ᠶᠠᠳᠠᠭᠤ ᠠᠴᠠ | ᠠᠩᠭᠢᠵᠢᠷᠠᠭᠤᠯᠬᠤ ᠬᠥᠮᠥᠨ ᠠᠮᠠ ᠶᠢᠨ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠠᠵᠢᠯ ᠣᠯᠬᠤ ᠶᠢ | ᠠᠬᠢᠭᠤᠯᠬᠤ ᠪᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠲᠠᠯ᠎ᠠ ᠪᠠᠷ ᠴᠢᠬᠤᠯᠠ ᠠᠬᠢᠭᠤᠯᠬᠤ | ᠦᠢᠯᠡᠳᠦᠯ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ︽ᠠᠮᠢᠵᠢᠷᠠᠯ ᠤᠨ ᠬᠦᠴᠦᠨ︾ ᠢ | ᠨᠡᠮᠡᠷᠢᠯᠡᠵᠡᠢ᠃ |