ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠲᠤᠬᠠᠶ ᠨᠢᠩᠴᠧᠩ ᠰᠢᠶᠠᠨ ᠤ ᠠᠷᠠᠳ ᠤᠨ  ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/3/9
 ᠣᠳᠣᠬᠠᠨ ᠳᠤ᠂ ᠮᠠᠨ ᠤ ᠰᠢᠶᠠᠨ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠣᠷᠣᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠰᠢᠶᠠᠨ ᠤ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠠᠯ ᠴᠠᠭᠠᠵᠠᠯᠠᠬᠤ ᠵᠠᠷᠯᠠᠯ ᠨᠡᠶᠢᠲᠡᠯᠡᠬᠦ ᠪᠠᠷ ᠲᠣᠭᠲᠠᠪᠠ᠃ᠨᠢᠭᠡ᠂ ᠭᠠᠯ ᠴᠠᠭᠠᠵᠠᠯᠠᠬᠤ ᠴᠠᠭ2023 ᠰᠠᠷ᠎ᠠ ᠶᠢᠨ 3 ᠰᠠᠷ᠎ᠠ ᠶᠢᠨ 5 ᠤ ᠡᠳᠦᠷ ︱ 2023 ᠣᠨ ᠤ 5 ᠰᠠᠷ᠎ᠠ ᠶᠢᠨ 31 ᠤ ᠡᠳᠦᠷᠬᠤᠶᠠᠷ᠂ ᠭᠠᠯ ᠴᠠᠭᠠᠵᠠᠯᠠᠬᠤ ᠬᠡᠪᠴᠢᠶ᠎ᠡᠪᠦᠬᠦ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ1. ᠭᠠᠯ ᠤᠨ ᠲᠥᠷᠥᠯ ᠵᠢᠴᠢ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠠᠪᠴᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠨ᠎ᠠ᠃2. ᠵᠥᠪᠰᠢᠶᠡᠷᠡᠭᠦᠯᠦᠭᠰᠡᠨ ᠦᠭᠡᠢ ᠪᠠᠷ ᠭᠠᠯ ᠰᠡᠷᠭᠡᠶᠢᠯᠡᠬᠦ ᠣᠷᠣᠨ ᠳᠤ ᠦᠨᠡᠨ ᠰᠤᠮᠤᠨ ᠤ ᠰᠣᠷᠢᠯᠲᠠ᠂ ᠳᠡᠯᠪᠡᠴᠢᠯᠲᠡ᠂ ᠪᠠᠷᠢᠯᠭ᠎ᠠ ᠶᠢᠨ ᠠᠵᠢᠯ ᠵᠡᠷᠭᠡ ᠶᠢ ᠬᠢᠬᠦ ᠶᠢ ᠴᠢᠩᠭ᠎ᠠ ᠴᠠᠭᠠᠵᠠᠯᠠᠨ᠎ᠠ᠃3. ᠭᠠᠯ ᠰᠡᠷᠭᠡᠶᠢᠯᠡᠬᠦ ᠣᠷᠣᠨ ᠳᠤ ᠡᠰᠢ ᠰᠦᠷᠡᠯ ᠰᠢᠲᠠᠭᠠᠵᠤ ᠪᠣᠷᠳᠣᠭᠤᠷ ᠴᠤᠭᠯᠠᠭᠤᠯᠬᠤ᠂ ᠠᠲᠠᠷ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠲᠠᠯᠠᠩ᠂ ᠪᠤᠵᠠᠷ ᠡᠪᠡᠰᠦ᠂ ᠲᠠᠮᠠᠬᠢ ᠲᠠᠲᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠭᠠᠯ ᠰᠢᠲᠠᠭᠠᠬᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃᡾4. ᠭᠠᠯ ᠴᠠᠭᠠᠵᠠᠯᠠᠬᠤ ᠬᠤᠭᠤᠴᠠᠭ᠎ᠠ ︵ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭ᠎ᠠ︶ ᠶᠢᠨ ᠳᠣᠲᠣᠷ᠎ᠠ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠪᠣᠯᠣᠨ ᠠᠵᠤ ᠠᠬᠤᠶᠢᠯᠠᠯ ᠤᠨ ᠰᠢᠲᠠᠭᠠᠬᠤ ᠴᠠᠭᠠᠰᠤ᠂ ᠴᠠᠭᠠᠨ ᠲᠤᠭᠤᠯᠭᠠᠨ ᠴᠠᠭᠠᠰᠤ ᠶᠢᠨ ᠳᠠᠬᠢᠯᠭ᠎ᠠ ᠶᠢᠨ ᠬᠡᠷᠡᠭᠰᠡᠯ ᠵᠢᠴᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠯᠪᠠᠷᠬᠠᠨ ᠡᠭᠦᠰᠬᠡᠳᠡᠭ ᠹᠧᠣᠳᠠᠯ ᠤᠨ ᠮᠤᠬᠤᠷ ᠰᠦᠰᠦᠭ ᠤᠨ ᠳᠠᠬᠢᠯᠭ᠎ᠠ ᠶᠢᠨ ᠬᠡᠷᠡᠭᠰᠡᠯ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠨ᠎ᠠ᠃ᠳᠥᠷᠪᠡ᠂ ᠤᠢ ᠰᠢᠭᠤᠢ ᠶᠢᠨ ᠭᠠᠯ ᠰᠡᠷᠭᠡᠶᠢᠯᠡᠬᠦ ᠲᠣᠭᠤᠷᠢᠭ ᠲᠤ ᠣᠷᠣᠭᠰᠠᠨ ᠲᠡᠷᠭᠡ ᠬᠥᠰᠬᠡ ᠪᠣᠯᠣᠨ ᠬᠥᠮᠥᠰ ᠤᠢ ᠰᠢᠭᠤᠢ ᠶᠢᠨ ᠭᠠᠯ ᠰᠡᠷᠭᠡᠶᠢᠯᠡᠬᠦ ᠳᠦᠷ ᠴᠠᠭ ᠤᠨ ᠪᠠᠶᠢᠴᠠᠭᠠᠬᠤ ᠦᠷᠳᠡᠭᠡ ᠶᠢᠨ ᠳᠠᠩᠰᠠᠯᠠᠨ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠲᠡᠪᠴᠢᠵᠦ᠂ ᠬᠠᠷᠰᠢᠯᠠᠵᠤ ᠪᠣᠯᠬᠤ ᠦᠭᠡᠢ᠃ᠲᠠᠪᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ ᠬᠢᠵᠠᠭᠠᠷᠲᠤ ᠠᠵᠢᠯᠯᠠᠭ᠎ᠠ ᠲᠠᠢ ᠬᠥᠮᠥᠨ ᠰᠢᠭᠤᠶᠢᠲᠤ ᠣᠷᠣᠨ ᠳᠤ ᠣᠷᠣᠪᠠᠯ᠂ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ᠂ ᠤᠢ ᠰᠢᠭᠤᠢ ᠶᠢ ᠡᠵᠡᠩᠨᠡᠨ ᠬᠠᠮᠢᠶᠠᠷᠴᠤ ᠬᠠᠮᠠᠭᠠᠯᠠᠬᠤ ᠨᠢᠭᠡᠴᠡ ᠪᠣᠯᠣᠨ ᠬᠤᠪᠢ ᠬᠥᠮᠥᠨ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ᠵᠢᠷᠭᠤᠭ᠎ᠠ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠨᠢ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠵᠢᠵᠢᠭᠦᠷᠯᠡᠬᠦ ᠳᠦᠷᠢᠮ ᠢ ᠪᠠᠶᠢᠭᠤᠯᠤᠨ᠂ ᠬᠠᠷᠢᠭᠤᠴᠠᠯᠭᠠᠲᠠᠨ ᠢᠶᠠᠷ ᠵᠢᠵᠢᠭᠦᠷ ᠳᠠᠭᠠᠭᠤᠯᠵᠤ᠂ ᠭᠠᠯ ᠰᠡᠷᠭᠡᠶᠢᠯᠡᠬᠦ ᠠᠵᠢᠯ ᠤᠨ ᠬᠥᠳᠡᠯᠦᠯ ᠪᠠᠶᠢᠳᠠᠯ ᠢ ᠴᠠᠭ ᠲᠤᠬᠠᠢ ᠳᠤ ᠨᠢ ᠡᠵᠡᠮᠰᠢᠭᠦᠯᠵᠦ᠂ ᠭᠠᠯ ᠭᠠᠷᠤᠮᠠᠭᠴᠠ ᠳᠠᠷᠤᠶᠢᠬᠠᠨ ᠳᠡᠭᠡᠭᠰᠢ ᠮᠡᠳᠡᠭᠦᠯᠬᠦ ᠬᠡᠷᠡᠭᠲᠡᠢ᠂ ᠰᠠᠭᠠᠲᠠᠭᠠᠵᠤ ᠪᠣᠯᠬᠤ ᠦᠭᠡᠢ᠃ᠭᠠᠯ ᠭᠠᠷᠤᠭᠰᠠᠨ ᠦᠶ᠎ᠡ ᠳᠤ᠂ ᠭᠤᠣᠯ ᠬᠠᠷᠢᠭᠤᠴᠠᠯᠭᠠᠲᠠᠨ ᠨᠢ ᠡᠷᠬᠡᠪᠰᠢ ᠲᠤᠬᠠᠢ ᠶᠢᠨ ᠲᠠᠯᠠᠪᠠᠢ ᠳᠤ ᠪᠡᠶ᠎ᠡ ᠪᠠᠷ ᠢᠶᠠᠨ ᠬᠦᠷᠴᠦ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠭᠠᠯ ᠤᠨ ᠠᠶᠤᠯ ᠢ ᠠᠩᠬ᠎ᠠ ᠡᠭᠦᠰᠬᠦ ᠱᠠᠲᠤᠨ ᠳᠤ  ᠤᠨᠲᠠᠷᠠᠭᠠᠵᠤ᠃ᠭᠠᠯ ᠤᠨᠲᠠᠷᠠᠭᠠᠬᠤ ᠶᠢ ᠰᠡᠷᠭᠡᠶᠢᠯᠡᠬᠦ ᠬᠥᠮᠥᠰ ᠤᠨ ᠬᠠᠮᠠᠭᠠᠯᠠᠯᠲᠠ ᠶᠢ ᠵᠡᠷᠭᠡ ᠳᠤᠨᠢ ᠰᠠᠶᠢᠲᠤᠷ ᠬᠢᠵᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠠᠪᠤᠴᠠ ᠳᠤ ᠬᠥᠮᠥᠨ ᠬᠠᠷ᠎ᠠ ᠦᠬᠦᠵᠦ ᠰᠢᠷᠬᠠᠲᠤᠭᠰᠠᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ᠲᠤᠯᠤᠭ᠎ᠠ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ  ᠤᠨ ᠤᠢ ᠰᠢᠭᠤᠢ ᠶᠢ ᠬᠠᠮᠠᠭᠠᠯᠠᠵᠤ ᠭᠠᠯ ᠰᠡᠷᠭᠡᠶᠢᠯᠡᠬᠦ ᠲᠣᠭᠤᠷᠢᠨ ᠴᠠᠭᠳᠠᠭᠴᠢ ᠪᠣᠯᠣᠨ ᠤᠢ ᠰᠢᠭᠤᠢ ᠬᠠᠮᠠᠭᠠᠯᠠᠭᠴᠢᠳ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠰᠢᠭᠤᠶᠢᠲᠤ ᠣᠷᠣᠨ ᠤ ᠲᠣᠭᠤᠷᠢᠨ ᠬᠠᠮᠠᠭᠠᠯᠠᠯᠲᠠ ᠶᠢ ᠴᠢᠩᠭᠠᠳᠬᠠᠨ᠂ ᠤᠢ ᠰᠢᠭᠤᠢ ᠨᠤᠲᠤᠭ ᠪᠡᠯᠴᠢᠭᠡᠷ  ᠤᠨ ᠭᠠᠯ ᠰᠡᠷᠭᠡᠶᠢᠯᠡᠬᠦ ᠠᠵᠢᠯ ᠤᠨ ᠠᠶᠤᠯᠬᠦᠢ ᠶᠢᠨ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠭᠤᠣᠯᠳᠠᠯᠭ᠎ᠠ ᠲᠠᠢ ᠭᠠᠵᠠᠷ ᠬᠡᠰᠡᠭ ᠲᠤ ᠲᠤᠰᠬᠠᠢ ᠬᠥᠮᠥᠨ ᠲᠣᠮᠢᠯᠠᠨ ᠬᠠᠮᠠᠭᠠᠯᠠᠭᠤᠯᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ ᠣᠯᠵᠤ ᠮᠡᠳᠡᠪᠡᠯ ᠳᠠᠷᠤᠶᠢᠬᠠᠨ ᠬᠤᠷᠢᠭᠯᠠᠨ ᠵᠣᠭᠰᠤᠭᠠᠬᠤ ᠶᠢᠨ ᠬᠠᠮᠲᠤ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠲᠤᠯᠤᠭ᠎ᠠ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ  ᠤᠨ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠤᠨ ᠠᠶᠤᠯᠬᠦᠢ ᠶᠢᠨ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠭᠤᠣᠯᠳᠠᠯᠭ᠎ᠠ ᠲᠠᠢ ᠭᠠᠵᠠᠷ ᠬᠡᠰᠡᠭ ᠲᠤ ᠲᠤᠰᠬᠠᠢ ᠬᠥᠮᠥᠨ ᠲᠣᠮᠢᠯᠠᠵᠤ ᠬᠠᠮᠠᠭᠠᠯᠠᠬᠤ ᠬᠡᠷᠡᠭᠲᠡᠢ᠃ᠨᠠᠢᠮᠠ᠂ ᠰᠢᠶᠠᠨ ᠤ ᠤᠢ ᠰᠢᠭᠤᠢ ᠶᠢᠨ ᠭᠠᠯ ᠤᠨᠲᠠᠷᠠᠭᠠᠬᠤ ᠲᠤᠰᠬᠠᠢ ᠠᠩᠭᠢ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠤᠢ ᠰᠢᠭᠤᠢ ᠶᠢᠨ ᠭᠠᠯ ᠤᠨᠲᠠᠷᠠᠭᠠᠬᠤ ᠠᠩᠭᠢ ᠵᠠᠷᠯᠢᠭ ᠬᠦᠯᠢᠶᠡᠵᠦ᠂ ᠭᠠᠯ ᠤᠨᠲᠠᠷᠠᠭᠠᠵᠤ ᠭᠠᠮᠰᠢᠭ ᠠᠴᠠ ᠠᠪᠤᠷᠠᠬᠤ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠵᠦ᠂ ᠵᠢᠯᠣᠭᠤᠳᠤᠯᠭ᠎ᠠ ᠶᠢ ᠪᠠᠶᠢᠷᠢᠨ ᠳᠤᠨᠢ ᠪᠠᠶᠢᠯᠭᠠᠬᠤ᠂ ᠡᠩᠨᠡᠭᠡ ᠲᠥᠪᠯᠡᠷᠡᠬᠦ᠂ ᠴᠢᠮᠡᠭᠡ ᠬᠤᠯᠪᠣᠭ᠎ᠠ ᠶᠢ ᠰᠠᠭᠠᠳ ᠦᠭᠡᠢ ᠨᠡᠪᠲᠡᠷᠡᠭᠦᠯᠬᠦ᠂ ᠮᠠᠰᠢᠨ ᠪᠠᠭᠠᠵᠢ ᠪᠦᠷᠢᠨ ᠭᠦᠢᠴᠡᠳ᠂ ᠲᠡᠷᠭᠡ ᠬᠥᠰᠬᠡ ᠶᠢ ᠪᠦᠷᠢᠨ ᠪᠠᠶᠢᠯᠭᠠᠬᠤ ᠶᠢ ᠦᠨᠡᠨ ᠬᠦ ᠪᠡᠶᠡᠯᠡᠭᠦᠯᠵᠦ᠂ ᠭᠠᠯ ᠤᠨᠲᠠᠷᠠᠭᠠᠬᠤ ᠵᠠᠷᠯᠢᠭ ᠢ ᠣᠯᠣᠮᠠᠭᠴᠠ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠬᠡᠷᠡᠭᠲᠡᠢ᠃ᠶᠢᠰᠦ᠂ ᠲᠣᠰ ᠭᠠᠯ ᠢ ᠴᠠᠭᠠᠵᠠᠯᠠᠬᠤ ᠵᠠᠷᠯᠢᠭ ᠢ ᠵᠥᠷᠢᠴᠡᠭᠰᠡᠳ ᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠠᠷᠪᠠ᠂ ᠪᠥᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ᠂ ᠣᠶ ᠰᠢᠭᠤᠢ ᠶᠢᠨ ᠲᠦᠢᠮᠡᠷ ᠤᠨ ᠪᠠᠶᠢᠳᠠᠯ ᠵᠢᠴᠢ ᠹᠧᠣᠳᠠᠯ ᠤᠨ ᠮᠤᠬᠤᠷ ᠪᠢᠰᠢᠷᠡᠯ ᠤᠨ ᠳᠠᠬᠢᠯᠭ᠎ᠠ ᠶᠢᠨ ᠡᠳ᠋ᠯᠡᠯ ᠢ ᠪᠥᠭᠡᠮ ᠢᠶᠠᠷ ᠪᠣᠷᠣᠯᠠᠭᠤᠯᠤᠭᠰᠠᠨ ᠵᠡᠷᠭᠡ ᠠᠵᠢᠯᠯᠠᠭ᠎ᠠ ᠶᠢ  ᠢᠯᠡᠷᠡᠭᠦᠯᠪᠡᠯ᠂ ᠰᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ᠂ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ ᠪᠣᠯᠣᠨ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠦᠭᠰᠢᠭᠦᠷᠢ ᠮᠡᠳᠡᠭᠡᠯᠡᠬᠦ ᠤᠲᠠᠰᠤ᠄ 12119ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 110ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 4220315     ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ                 2023 ᠣᠨ ᠤ 3 ᠰᠠᠷ᠎ᠠ ᠶᠢᠨ 3 ᠤ ᠡᠳᠤᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号