ᠨᠢᠩᠴᠧᠩ ᠰᠢᠶᠠᠨ ᠵᠢᠭᠤᠯᠴᠢᠯᠠᠯ ᠤᠨ ᠦᠢᠯᠡᠰ ᠢ ᠬᠥᠭᠵᠢᠭᠡᠵᠦ ᠬᠥᠳᠡᠭᠡ ᠲᠣᠰᠬᠤᠨ ᠢ ᠪᠠᠶᠠᠵᠢᠭᠤᠯᠤᠨ᠎ᠠ
ᠨᠡᠶᠢᠲᠡᠯᠡᠭᠰᠡᠨ ᠴᠠᠭ᠄
2023/4/20
 ᠨᠢᠩᠴᠧᠩ ᠰᠢᠶᠠᠨ ᠤ ᠮᠠᠩᠨᠤᠳ ᠪᠠᠯᠭᠠᠰᠤᠨ ᠤ ᠴᠢᠩ ᠯᠦᠩ ᠱᠠᠨ ᠠᠭᠤᠯᠠᠨ ᠤ ᠮᠢᠩᠭᠠᠨ ᠮᠦ ᠬᠦᠢᠯᠡᠰᠦᠨ ᠤᠢ᠂ ᠶᠡᠭᠡ ᠬᠤᠣᠰ ᠰᠦᠮ᠎ᠡ ᠪᠠᠯᠭᠠᠰᠤᠨ ᠤ ᠴᠣᠣᠶᠠᠩ ᠠᠭᠤᠯᠠᠨ ᠤ ᠮᠢᠩᠭᠠᠨ ᠮᠦ ᠠᠯᠢᠮ᠎ᠠ ᠶᠢᠨ ᠬᠦᠷᠢᠶᠡᠯᠡᠩ᠂ ᠬᠤᠷᠬᠤᠭ ᠪᠠᠯᠭᠠᠰᠤᠨ ᠤ ᠳ᠋ᠦ᠋ ᠵᠢᠤᠸᠠᠨ ᠱᠠᠨ ᠲᠣᠰᠬᠤᠨ ᠵᠡᠷᠭᠡ ᠭᠤᠷᠪᠠᠨ ᠴᠡᠴᠡᠭ ᠰᠣᠨᠢᠷᠬᠠᠬᠤ ᠵᠠᠮ ᠱᠤᠭᠤᠮ ᠢ ᠭᠠᠷᠭᠠᠵᠤ᠂ ᠥᠪᠡᠷ ᠢᠶᠠᠨ ᠲᠡᠷᠭᠡ ᠵᠢᠯᠤᠭᠤᠳᠬᠤ᠂ ᠬᠡᠭᠡᠷ᠎ᠡ ᠪᠠᠭᠤᠳᠠᠯᠯᠠᠬᠤ᠂ ᠶᠠᠪᠠᠭᠠᠨ ᠶᠠᠪᠤᠬᠤ ᠵᠡᠷᠭᠡ ᠤᠯᠠᠨ ᠶᠠᠩᠵᠤ ᠶᠢᠨ ᠠᠷᠭ᠎ᠠ ᠶᠢ ᠬᠡᠷᠡᠭᠵᠢᠭᠦᠯᠵᠦ᠂ ︽ᠴᠡᠴᠡᠭ ᠰᠣᠨᠢᠷᠬᠠᠬᠤ︾ ᠠᠭᠤᠯᠭ᠎ᠠ ᠶᠢ ᠪᠠᠶᠠᠯᠢᠭᠵᠢᠭᠤᠯᠤᠭᠰᠠᠨ ᠪᠥᠭᠡᠳ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠢ ᠬᠠᠩᠭᠠᠵᠠᠢ᠃ ᠵᠢᠯ ᠤᠨ ᠡᠬᠢᠨ ᠠᠴᠠ ᠨᠠᠰᠢ᠂ ᠨᠢᠩᠴᠧᠩ ᠰᠢᠶᠠᠨ ᠤ ᠵᠤᠭᠠᠴᠠᠭᠰᠠᠳ ᠤᠨ ᠲᠤᠭ᠎ᠠ ᠨᠢᠭᠡᠨᠲᠡ 18 ᠲᠦᠮᠡᠨ ᠬᠥᠮᠥᠨ ᠤᠳᠠᠭ᠎ᠠ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 31% ᠪᠠᠷ ᠨᠡᠮᠡᠭᠳᠡᠪᠡ᠃ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ ᠪᠠᠷᠤᠭ 2.16 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 20% ᠪᠠᠷ ᠨᠡᠮᠡᠭᠳᠡᠪᠡ᠃ᠵᠢᠱᠢᠯᠲᠡ ᠪᠠᠷ ᠪᠥᠬᠦ ᠵᠢᠯ ᠳᠤ 300 ᠲᠦᠮᠡᠨ ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 45 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号