ᠨᠢᠩᠴᠧᠩ ᠰᠢᠶᠠᠨ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠣᠮ ᠤᠩᠰᠢᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠠᠢ
ᠨᠡᠶᠢᠲᠡᠯᠡᠭᠰᠡᠨ ᠴᠠᠭ᠄
2023/4/23
ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠣᠮ ᠤᠩᠰᠢᠬᠤ ᠢᠨᠵᠧᠨᠧᠷᠢᠩ ᠤᠨ ᠡᠮᠬᠢ ᠵᠢᠷᠤᠮ ᠲᠠᠢ᠂ ᠭᠦᠨᠵᠡᠭᠡᠢ ᠥᠷᠨᠢᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠳᠡᠯᠡᠬᠡᠢ ᠶᠢᠨ ᠨᠣᠮ ᠤᠩᠰᠢᠬᠤ ᠡᠳᠦᠷ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠰᠢᠰᠲ᠋ᠧᠮ ᠤᠨ ᠨᠣᠮ ᠤᠩᠰᠢᠬᠤ ᠠᠵᠢᠯᠯᠠᠭ᠎ᠠ ᠶᠢᠨ ᠲᠥᠰᠥᠯ ᠢ ᠲᠡᠭᠦᠯᠳᠡᠷᠵᠢᠭᠦᠯᠦᠨ ᠪᠠᠶᠠᠯᠢᠭᠵᠢᠭᠤᠯᠵᠤ᠂ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠦᠷ᠎ᠡ ᠪᠦᠲᠦᠮᠵᠢ ᠰᠠᠶᠢᠲᠠᠢ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠨᠣᠮ ᠤᠩᠰᠢᠬᠤ ᠢᠨᠵᠧᠨᠧᠷᠢᠩ ᠤᠨ ᠭᠦᠨᠵᠡᠭᠡᠢ ᠥᠷᠨᠢᠬᠦ ᠶᠢ ᠲᠦᠯᠬᠢᠨ ᠠᠬᠢᠭᠤᠯᠪᠠ᠃ ᠨᠢᠭᠡ ᠳᠤ ︽ᠭᠤᠷᠪᠠ ᠶᠢ ᠤᠶᠠᠯᠳᠤᠭᠤᠯᠬᠤ︾ ᠳᠤ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ᠎ᠠ᠃ᠡᠯ᠎ᠡ ᠰᠤᠷᠭᠠᠭᠤᠯᠢ ᠶᠢᠨ ᠬᠢᠨ ︽ᠨᠣᠮ ᠤᠩᠰᠢᠬᠤ ᠢᠨᠵᠧᠨᠧᠷᠢᠩ ᠢ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠵᠤ᠂ ᠨᠣᠮ ᠤᠩᠰᠢᠬᠤ ᠢᠨᠵᠧᠨᠧᠷᠢᠩ ᠢ ᠪᠠᠭᠰᠢ ᠶᠢᠨ ᠲᠤᠰᠬᠠᠢ ᠮᠡᠷᠭᠡᠵᠢᠯ ᠤᠨ ᠪᠣᠶᠢᠵᠢᠯᠲᠠ ᠲᠠᠢ ᠤᠶᠠᠯᠳᠤᠭᠤᠯᠵᠤ᠂ ᠨᠣᠮ ᠤᠩᠰᠢᠬᠤ ᠢᠨᠵᠧᠨᠧᠷᠢᠩ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠲᠠᠢ ᠤᠶᠠᠯᠳᠤᠭᠤᠯᠬᠤ︾ ᠪᠠᠷ ᠳᠠᠮᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠨᠣᠮ ᠤᠩᠰᠢᠬᠤ ᠶᠢ ᠪᠠᠶᠢᠩᠭᠤᠵᠢᠭᠤᠯᠪᠠ᠃ ᠬᠤᠶᠠᠷ ᠲᠤ ︽ᠭᠤᠷᠪᠠᠨ ᠠᠵᠢᠯᠯᠠᠭ᠎ᠠ︾ ᠨᠢ ᠨᠣᠮ ᠤᠩᠰᠢᠬᠤ ᠦᠷ᠎ᠡ ᠪᠦᠲᠦᠮᠵᠢ ᠶᠢ ᠪᠠᠲᠤᠳᠬᠠᠨ᠎ᠠ᠃ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠡ ᠶᠢᠨ ᠬᠢᠨ ᠨᠣᠮ ᠤᠩᠰᠢᠬᠤ ᠠᠵᠢᠯᠯᠠᠭ᠎ᠠ ᠪᠠᠨ ᠰᠢᠨᠡᠴᠢᠯᠡᠬᠦ ᠪᠠᠷ ᠳᠠᠮᠵᠢᠭᠤᠯᠤᠨ᠂ ᠰᠤᠷᠤᠭᠴᠢᠳ ᠢ ︽ᠤᠩᠰᠢᠬᠤ ᠳᠤᠷᠠᠲᠠᠢ︾ ᠠᠵᠢᠯᠯᠠᠭ᠎ᠠ ᠶᠢ ᠦᠢᠯᠡᠳᠦᠯᠭᠡᠵᠢᠭᠦᠯᠵᠦ ᠂ ᠪᠠᠭᠰᠢ ᠨᠠᠷ ᠢ ︽ᠭᠦᠨᠵᠡᠭᠡᠢ ᠤᠩᠰᠢᠬᠤ︾ ᠠᠵᠢᠯᠯᠠᠭ᠎ᠠ ᠥᠷᠨᠢᠭᠦᠯᠵᠦ᠂ ᠭᠡᠷ ᠪᠦᠯᠢ ᠪᠠᠷ ᠢᠶᠠᠨ ︽ᠬᠠᠮᠲᠤ ᠪᠠᠷ ᠤᠩᠰᠢᠬᠤ︾ ᠠᠵᠢᠯᠯᠠᠭ᠎ᠠ ᠶᠢ ᠪᠠᠷᠢᠮᠲᠠᠯᠠᠨ᠂ ᠪᠥᠬᠦ ᠪᠠᠭᠰᠢ ᠰᠤᠷᠤᠭᠴᠢᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ︽ᠮᠢᠩᠭᠠᠨ ᠰᠢᠯᠢᠳᠡᠭ ᠪᠢᠴᠢᠬᠠᠨ ᠤᠩᠰᠢᠭᠴᠢ︾ ᠪᠠ ︽ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ᠂ ᠰᠢᠯᠢᠳᠡᠭ ᠨᠣᠮ ᠤᠩᠰᠢᠬᠤ ᠰᠤᠷᠭᠠᠭᠤᠯᠢ ᠶᠢᠨ ᠵᠠᠬᠢᠷᠤᠯ᠂ ᠰᠢᠯᠢᠳᠡᠭ ᠨᠣᠮ ᠤᠩᠰᠢᠬᠤ ᠪᠠᠭᠰᠢ᠂ ᠪᠢᠴᠢᠭ ᠤᠨ ᠰᠤᠷᠪᠤᠯᠵᠢᠲᠤ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠨᠣᠮ ᠤᠩᠰᠢᠬᠤ ᠢᠨᠵᠧᠨᠧᠷᠢᠩ ᠢ ᠦᠨᠡᠨ ᠬᠦ ᠦᠨᠳᠦᠰᠦᠯᠡᠭᠦᠯᠵᠦ᠂ ᠴᠡᠴᠡᠭᠯᠡᠨ  ᠬᠦᠭᠵᠢᠭᠦᠯᠪᠡ᠃ ᠭᠤᠷᠪᠠ ᠳᠤ᠂︽ᠭᠤᠷᠪᠠ ᠶᠢ ᠴᠢᠩᠭᠠᠳᠬᠠᠬᠤ︾ ᠨᠢ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃ᠨᠢᠩᠴᠧᠩ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠬᠤ᠂ ᠰᠢᠯᠭᠠᠨ ᠦᠨᠡᠯᠡᠬᠦ ᠲᠣᠭᠲᠠᠴᠠ ᠶᠢ ᠴᠢᠩᠭᠠᠳᠬᠠᠬᠤ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠪᠠᠭᠰᠢ ᠶᠢᠨ ᠨᠣᠮ ᠤᠩᠰᠢᠭᠰᠠᠨ ᠪᠠᠶᠢᠳᠠᠯ ᠢ ᠣᠨ ᠤ ᠬᠢᠨᠠᠨ ᠰᠢᠯᠭᠠᠯᠲᠠ ᠳᠤ ᠣᠷᠣᠭᠤᠯᠵᠤ᠂ ᠪᠠᠭᠰᠢ ᠶᠢᠨ ᠢᠯᠡᠭᠦᠬᠡᠨ ᠨᠣᠮ ᠤᠩᠰᠢᠬᠤ᠂ ᠰᠠᠶᠢᠨ ᠨᠣᠮ ᠤᠩᠰᠢᠬᠤ ᠶᠢ ᠦᠷᠭᠦᠯᠵᠢᠯᠡᠨ ᠵᠣᠷᠢᠭᠵᠢᠭᠤᠯᠵᠤ᠂ ᠨᠥᠯᠥᠭᠡᠯᠡᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号