ᠨᠢᠩᠴᠧᠩ ᠰᠢᠶᠠᠨ ᠦᠨᠡᠨᠴᠢ ᠢᠲᠡᠭᠡᠮᠵᠢᠲᠡᠢ ᠵᠢᠭᠤᠯᠴᠢᠯᠠᠯ ᠤᠨ ᠬᠡᠷᠡᠭᠯᠡᠭᠡᠨ ᠤ  ᠰᠢᠰᠲ᠋ᠧᠮ ᠢ ᠤᠨᠢᠨ ᠳᠡᠭᠡᠷ᠎ᠡ ᠨᠢ ᠬᠦᠴᠦᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/4/25
 ᠣᠶᠢᠷ᠎ᠠ ᠳᠤ᠂ ᠨᠢᠩᠴᠧᠩ ᠰᠢᠶᠠᠨ ᠠᠴᠠ 7 ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ᠳᠤ︽ᠵᠢᠭᠤᠯᠴᠢᠯᠠᠯ ᠤᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠳᠡᠯᠭᠡᠭᠦᠷ︾ ᠤᠨ ᠫᠠᠶᠢᠰᠠ ᠣᠯᠭᠤᠵᠤ᠂ ᠵᠢᠭᠤᠯᠴᠢᠯᠠᠯ ᠤᠨ ᠡᠵᠡᠩᠨᠡᠭᠴᠢ ᠶᠢᠨ ᠦᠨᠡᠨᠴᠢ ᠢᠲᠡᠭᠡᠮᠵᠢᠲᠡᠢ ᠬᠡᠷᠡᠭᠯᠡᠭᠡᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠠᠮᠤᠷ ᠲᠦᠪᠰᠢᠨ ᠰᠠᠨᠠᠭ᠎ᠠ ᠠᠮᠤᠷ ᠢᠲᠡᠭᠡᠮᠵᠢᠲᠡᠢ ᠬᠡᠷᠡᠭᠯᠡᠭᠡᠨ ᠤ  ᠰᠢᠰᠲ᠋ᠧᠮ ᠢ ᠬᠦᠴᠦᠯᠡᠨ ᠪᠤᠢ ᠪᠣᠯᠭᠠᠬᠤ ᠪᠠᠷ ᠵᠣᠷᠢᠯᠭ᠎ᠠ ᠪᠣᠯᠭᠠᠪᠠ᠃   ᠨᠢᠩᠴᠧᠩ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ︽ᠵᠢᠭᠤᠯᠴᠢᠯᠠᠯ ᠤᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠳᠡᠯᠭᠡᠭᠦᠷ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠡᠬᠢᠯᠡᠭᠦᠯᠦᠭᠰᠡᠨ ᠪᠥᠭᠡᠳ ᠡᠭᠦᠨ ᠢᠶᠠᠷ ᠠᠴᠢᠶᠠᠯᠠᠪᠤᠷᠢ ᠪᠣᠯᠭᠠᠨ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠵᠢᠭᠤᠯᠴᠢᠯᠠᠯ ᠤᠨ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠂ ᠵᠢᠭᠤᠯᠴᠢᠯᠠᠯ ᠤᠨ ᠬᠡᠷᠡᠭᠯᠡᠭᠡ ᠶᠢ ᠨᠠᠩ ᠴᠢᠨᠠᠷ ᠴᠢᠨᠰᠠᠭ᠎ᠠ ᠲᠠᠢ᠂ ᠨᠠᠩ ᠬᠠᠯᠠᠭᠤᠨ ᠳᠤᠯᠠᠭᠠᠨ ᠪᠣᠯᠭᠠᠨ᠎ᠠ᠃  ᠡᠭᠦᠳᠦᠨ ᠪᠠᠶᠢᠭᠤᠯᠬᠤ ᠶᠠᠪᠤᠴᠠ ᠳᠤ᠂ ᠰᠢᠯᠢᠳᠡᠭ ᠠᠴᠠ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠵᠣᠬᠢᠬᠤ ᠡᠵᠡᠩᠨᠡᠯᠲᠡ ᠶᠢᠨ ᠬᠡᠪᠴᠢᠶ᠎ᠡ ᠲᠠᠢ᠂ ᠠᠯᠳᠠᠷᠰᠢᠯ ᠢᠶᠠᠷ ᠨᠡᠯᠢᠶᠡᠳ ᠥᠨᠳᠥᠷ᠂ ᠬᠡᠷᠡᠭᠯᠡᠭᠡ ᠲᠥᠪᠯᠡᠷᠡᠭᠰᠡᠨ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠭᠦᠳᠦᠨ ᠪᠠᠶᠢᠭᠤᠯᠬᠤ ᠳᠤ ᠣᠷᠣᠯᠴᠠᠭᠤᠯᠵᠤ᠂ ᠡᠭᠦᠳᠦᠨ ᠪᠠᠶᠢᠭᠤᠯᠬᠤ ᠨᠢᠭᠡᠴᠡ ᠶᠢ ᠵᠢᠭᠤᠯᠴᠢᠯᠠᠯ ᠤᠨ ᠬᠡᠲᠦ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪ ᠬᠥᠷᠥᠩᠭᠡ ᠶᠢᠨ ᠪᠤᠰᠤ ᠪᠦᠲᠦᠭᠡᠭᠳᠡᠬᠦᠨ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢ ᠬᠠᠮᠤᠷᠤᠭᠤᠯᠤᠨ᠎ᠠ᠃ᠡᠭᠦᠨ ᠤ ᠬᠠᠮᠲᠤ᠂ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ ᠶᠢᠨ ᠬᠢᠷᠢ ᠬᠡᠮ᠂ ᠬᠠᠮᠢᠶ᠎ᠠ ᠪᠦᠬᠦᠢ ᠬᠢᠷᠢ ᠬᠡᠮ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠵᠡᠷᠭᠡ ᠮᠡᠳᠡᠭᠡ ᠵᠠᠩᠭᠢ ᠶᠢ ᠴᠢᠩᠭ᠎ᠠ ᠬᠢᠨᠠᠨ ᠪᠠᠶᠢᠴᠠᠭᠠᠵᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠢ ᠶᠢᠨ ᠲᠠᠯᠠᠪᠤᠷ ᠲᠤᠨᠢ ᠬᠢᠨᠠᠨ ᠲᠣᠭᠲᠠᠭᠠᠬᠤ ᠪᠠ ᠶᠡᠷᠦᠩᠬᠡᠶᠢᠯᠡᠨ ᠦᠨᠡᠯᠡᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠨᠢᠩᠴᠧᠩ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢᠲᠡᠢ ᠪᠠᠷ ᠡᠵᠡᠩᠨᠡᠵᠦ ᠰᠠᠨᠠᠭ᠎ᠠ ᠠᠮᠤᠷ ᠬᠡᠷᠡᠭᠯᠡᠭᠡ ᠶᠢᠨ ᠰᠠᠭᠤᠷᠢ ᠶᠢ ᠪᠠᠬᠢᠵᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号