ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2023/5/17
  ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠡᠭᠦᠰᠴᠦ ᠮᠡᠳᠡᠬᠦ ᠡᠯ᠎ᠡ ᠵᠦᠢᠯ ᠤᠨ ᠰᠡᠳᠬᠢᠴᠡ ᠶᠢᠨ ᠠᠰᠠᠭᠤᠳᠠᠯ ᠢ ᠤᠷᠢᠳᠴᠢᠯᠠᠨ ᠰᠡᠷᠭᠡᠶᠢᠯᠡᠵᠦ᠂ ᠰᠤᠷᠤᠭᠴᠢᠳ ᠤᠨ ᠠᠮᠢ ᠨᠠᠰᠤ ᠪᠠᠨ ᠬᠠᠶᠢᠷᠠᠯᠠᠬᠤ᠂ ᠠᠮᠢ ᠨᠠᠰᠤ ᠪᠠᠨ ᠬᠦᠨᠳᠦᠳᠬᠡᠬᠦ᠂ ᠠᠮᠢ ᠨᠠᠰᠤ ᠪᠠᠨ ᠨᠠᠨᠳᠢᠩᠨᠠᠬᠤ ᠶᠢ ᠬᠥᠲᠥᠯᠥᠨ ᠵᠢᠯᠤᠭᠤᠳᠬᠤ ᠶᠢᠨ ᠲᠥᠯᠥᠭᠡ᠂ ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠪᠠ᠃  ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠪᠠ᠃ᠪᠣᠳᠠᠲᠤ ᠪᠠᠶᠢᠳᠠᠯ ᠢᠶᠠᠨ ᠦᠨᠳᠦᠰᠦᠯᠡᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠰᠡᠳᠬᠢᠴᠡ ᠶᠢᠨ ᠪᠠᠶᠢᠳᠠᠯ ᠢ ᠰᠢᠭᠰᠢᠨ ᠪᠠᠶᠢᠴᠠᠭᠠᠬᠤ ᠂ ᠰᠡᠳᠬᠢᠴᠡ ᠶᠢᠨ ᠵᠢᠯᠣᠭᠤᠳᠤᠯᠭ᠎ᠠ ᠬᠢᠬᠦ ᠠᠵᠢᠯ ᠢ ᠢᠳᠡᠪᠬᠢᠲᠡᠢ ᠰᠠᠶᠢᠲᠤᠷ ᠬᠢᠪᠡ᠃ᠰᠤᠷᠤᠭᠴᠢᠳ ᠲᠤ ᠬᠠᠨᠳᠤᠭᠤᠯᠤᠭᠰᠠᠨ ᠬᠥᠮᠦᠯᠢᠭ ᠰᠣᠶᠣᠯᠴᠢ ᠬᠠᠯᠠᠮᠵᠢᠯᠠᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ᠂ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠠᠵᠢᠯ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠤᠷᠢᠯᠡᠪᠡ᠃  ᠬᠤᠶᠠᠷ ᠲᠤ᠂ ᠲᠠᠨᠢᠨ ᠮᠡᠳᠡᠬᠦᠢ ᠶᠢᠨ ᠲᠦᠪᠰᠢᠨ ᠢ ᠳᠡᠭᠡᠭᠰᠢᠯᠡᠭᠦᠯᠪᠡ᠃ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠳᠤᠭᠤᠶᠢᠯᠠᠩ ᠤᠨ ᠪᠦᠷᠢᠯᠳᠦᠭᠦᠨ ᠤ ᠬᠦᠴᠦᠨ ᠴᠢᠳᠠᠯ ᠢ ᠭᠦᠢᠴᠡᠳ ᠪᠠᠳᠠᠷᠠᠭᠤᠯᠵᠤ᠂ ᠰᠡᠳᠬᠢᠴᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠭᠰᠢ ᠰᠤᠷᠤᠭᠴᠢᠳ ᠢ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠪᠠ ᠬᠠᠯᠠᠮᠵᠢᠯᠠᠨ ᠬᠠᠶᠢᠷᠠᠯᠠᠵᠤ᠂ ᠰᠤᠷᠭᠠᠭᠤᠯᠢ ᠶᠢᠨ ᠰᠡᠳᠬᠢᠴᠡ ᠶᠢᠨ ᠵᠢᠯᠣᠭᠤᠳᠤᠯᠭ᠎ᠠ ᠶᠢᠨ ᠠᠵᠢᠯ ᠥᠷᠨᠢᠭᠦᠯᠬᠦ ᠶᠢ ᠠᠬᠢᠭᠤᠯᠪᠠ᠃ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ᠂ ᠰᠡᠳᠬᠢᠴᠡ ᠶᠢᠨ ᠥᠪᠡᠷ ᠢ ᠪᠠᠨ ᠵᠣᠬᠢᠴᠠᠭᠤᠯᠬᠤ᠂ ᠰᠡᠳᠬᠢᠴᠡ ᠶᠢᠨ ᠬᠠᠪᠰᠤᠷᠤᠨ ᠵᠢᠯᠤᠭᠤᠳᠬᠤ ᠵᠦᠭᠯᠡᠭᠦᠷ ᠵᠡᠷᠭᠡ ᠰᠤᠷᠤᠯᠴᠠᠬᠤ ᠮᠠᠲ᠋ᠧᠷᠢᠶᠠᠯ ᠤᠨ ᠭᠠᠷ ᠳᠡᠪᠲᠡᠷ ᠢ ᠡᠮᠬᠢᠳᠬᠡᠨ ᠨᠠᠶᠢᠷᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠪᠢᠴᠢᠯ ᠸᠢᠳᠢᠤ᠋᠂ ᠸᠢᠴᠠᠲ ᠤᠨ ᠪᠦᠯᠦᠭ ᠵᠡᠷᠭᠡ ᠬᠡᠯᠪᠡᠷᠢ ᠶᠢ ᠠᠰᠢᠭᠯᠠᠨ᠂ ᠪᠠᠭᠰᠢ ᠠᠵᠢᠯᠲᠠᠨ ᠠᠵᠢᠯᠴᠢᠨ᠂ ᠰᠤᠷᠤᠭᠴᠢᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ᠂ ᠭᠤᠣᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ᠂ ᠭᠡᠷ ᠤᠨ ᠠᠬᠠᠮᠠᠳ ᠲᠤ ᠢᠯᠡᠭᠡᠬᠦ‍ ᠨᠢᠭᠡ ᠬᠤᠪᠢ ᠵᠠᠬᠢᠳᠠᠯ ᠵᠡᠷᠭᠡ ᠲᠣᠬᠢᠷᠠᠮᠵᠢᠲᠠᠢ ᠬᠡᠯᠪᠡᠷᠢ ᠶᠢ ᠥᠷᠨᠢᠭᠦᠯᠵᠦ᠂ ᠪᠠᠭᠰᠢ ᠰᠤᠷᠤᠭᠴᠢᠳ ᠢ ᠵᠢᠯᠣᠭᠤᠳᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠰᠢᠭᠲᠠᠢ ᠵᠢᠯᠣᠭᠤᠳᠤᠯᠭ᠎ᠠ ᠬᠦᠯᠢᠶᠡᠯᠭᠡᠵᠦ᠂ ᠨᠤᠭᠤᠷᠠᠯ ᠪᠦᠳᠦᠷᠢᠯ ᠢ ᠳᠠᠭᠠᠭᠠᠬᠤ ᠴᠢᠳᠠᠪᠤᠷᠢ ᠪᠠ ᠤᠷᠮ᠎ᠠ ᠰᠡᠳᠬᠢᠯᠭᠡ ᠪᠠᠨ ᠵᠣᠬᠢᠴᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠭᠤᠷᠪᠠ ᠳᠤ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠪᠠ᠃ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠴᠢᠭᠯᠡᠭᠦᠯᠬᠦ ᠴᠢᠨᠠᠷᠲᠠᠢ ᠪᠠᠷ ᠬᠠᠮᠢᠶᠠᠷᠬᠤ ᠲᠥᠰᠥᠯ ᠢ ᠲᠣᠭᠲᠠᠭᠠᠵᠤ᠂ ᠬᠠᠮᠢᠶᠠᠷᠤᠯᠲᠠ ᠪᠠ ᠰᠡᠳᠬᠢᠴᠡ ᠶᠢᠨ ᠵᠢᠯᠣᠭᠤᠳᠤᠯᠭ᠎ᠠ ᠶᠢᠨ ᠠᠵᠢᠯ ᠢ ᠰᠠᠶᠢᠲᠤᠷ ᠬᠢᠪᠡ᠃ᠭᠡᠷ ᠲᠡᠭᠡᠨ ᠬᠤᠴᠣᠷᠤᠭᠰᠠᠨ ᠬᠡᠦᠬᠡᠳ᠂ ᠥᠨᠥᠴᠢᠨ ᠥᠷᠥᠭᠡᠰᠦᠨ ᠭᠡᠷ ᠪᠦᠯᠢ᠂ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠤᠨ ᠬᠥᠮᠥᠰ ᠤᠨ ᠦᠷ᠎ᠡ ᠬᠡᠦᠬᠡᠳ ᠵᠡᠷᠭᠡ ᠣᠨᠴᠣᠭᠤᠢ ᠰᠣᠷᠣᠭᠴᠢ ᠳᠤ ᠰᠤᠷᠤᠯᠭ᠎ᠠ᠂ ᠠᠮᠢᠳᠤᠷᠠᠯ᠂ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠬᠥᠮᠦᠯᠢᠭ ᠰᠣᠶᠣᠯᠴᠢ ᠬᠠᠯᠠᠮᠵᠢᠯᠠᠯ ᠵᠡᠷᠭᠡ ᠲᠠᠯ᠎ᠠ ᠪᠠᠷ ᠣᠨᠴᠣᠭᠤᠢ ᠬᠠᠶᠢᠷ᠎ᠠ ᠬᠠᠯᠠᠮᠵᠢ ᠬᠦᠷᠲᠡᠭᠡᠪᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号