ᠨᠢᠩᠴᠧᠩ ᠰᠢᠶᠠᠨ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
 ︽2023 ᠣᠨ ᠤ ︿ᠰᠠᠶᠢᠨ ᠰᠠᠶᠢᠬᠠᠨ ᠠᠮᠢᠳᠤᠷᠠᠯ · ᠢᠷᠭᠡᠨ ᠤ ᠬᠠᠤᠯᠢ ᠶᠢᠨ ᠪᠢᠴᠢᠭ ᠲᠠᠢ ᠬᠠᠮᠲᠦ﹀ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠬᠠᠤᠯᠢ ᠪᠠᠷ ᠵᠠᠰᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃  ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠰᠠᠶᠢᠨ ᠲᠤᠷᠠᠴᠤᠳ ᠰᠤᠷᠤᠭᠴᠢᠳ ᠲᠤ ᠨᠠᠰᠤᠨ ᠳᠤ ᠥᠯᠥ ᠬᠦᠷᠦᠭᠰᠡᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠢᠬᠤᠯᠠ ᠴᠢᠨᠠᠷ ᠢ ᠲᠠᠨᠢᠯᠴᠠᠭᠤᠯᠵᠤ᠂ ︽ᠢᠷᠭᠡᠨ ᠤ ᠬᠠᠤᠯᠢ ᠶᠢᠨ ᠪᠢᠴᠢᠭ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠵᠦ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠬᠠᠮᠠᠭᠠᠯᠠᠶ᠎ᠠ︾ ᠭᠡᠬᠦ ᠰᠡᠳᠦᠪ ᠢᠶᠠᠷ᠂ ︽ᠢᠷᠭᠡᠨ ᠤ ᠬᠠᠤᠯᠢ ᠶᠢᠨ ᠪᠢᠴᠢᠭ︾᠂ ︽ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ︾᠂ ︽ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠠᠢ ᠤᠶᠠᠯᠳᠤᠭᠤᠯᠤᠨ᠂ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ ᠢ ᠥᠷᠨᠢᠭᠦᠯᠵᠦ᠂ ᠠᠰᠠᠭᠤᠯᠲᠠ ᠬᠠᠷᠢᠭᠤᠯᠲᠠ᠂ ᠨᠡᠶᠢᠲᠡ ᠶᠢᠨ ᠠᠰᠠᠷᠠᠮᠵᠢ ᠶᠢᠨ ᠸᠢᠳᠢᠤ᠋ ᠵᠡᠷᠭᠡ ᠬᠡᠯᠪᠡᠷᠢ ᠪᠠᠷ ᠬᠠᠤᠯᠢ ᠴᠠᠭᠠᠵᠠ ᠶᠢᠨ ᠵᠦᠢᠯ ᠵᠤᠷᠪᠤᠰ ᠢ ᠠᠮᠢᠳᠤᠯᠢᠭ ᠪᠣᠳᠠᠲᠠᠢ ᠶᠠᠷᠢᠵᠤ᠂ ᠬᠡᠷᠬᠢᠨ ᠬᠠᠤᠯᠢ ᠴᠠᠭᠠᠵᠠ ᠪᠠᠷ ᠥᠪᠡᠷ ᠢ ᠪᠠᠨ ᠬᠠᠮᠠᠭᠠᠯᠠᠬᠤ ᠶᠢ ᠶᠠᠷᠢᠭᠰᠠᠨ ᠠᠴᠠ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠮᠠᠰᠢ ᠬᠥᠭᠵᠢᠶᠡᠨ ᠲᠠᠢ ᠪᠣᠯᠪᠠ᠃  ᠣᠶᠢᠷ᠎ᠠ ᠶᠢᠨ ᠵᠢᠯ ᠠᠴᠠ᠂ ᠨᠢᠩᠴᠧᠩ ᠰᠢᠶᠠᠨ ᠬᠠᠤᠯᠢᠵᠢᠯ ᠤᠨ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠣᠶᠣᠯ ᠤᠨ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾  ᠢ ᠪᠠᠲᠤ ᠴᠣᠭᠴᠠᠯᠠᠵᠤ ᠥᠭᠴᠡᠢ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号