ᠨᠢᠩᠴᠧᠩ ᠰᠢᠶᠠᠨ ᠤ 1.02 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠤᠭᠤᠯᠤᠯᠲᠠ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2023/5/6
 ᠨᠢᠩᠴᠧᠩ ᠰᠢᠶᠠᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠵᠦᠢᠯᠡᠰ ᠤᠨ ᠶᠡᠷᠦᠩᠬᠡᠢ ᠪᠡᠯᠡ ᠣᠷᠤᠭᠤᠯᠤᠯᠲᠠ ᠶᠢ 1.02 ᠳ᠋ᠦᠩᠰᠢᠭᠤᠷ ᠲᠥᠭᠦᠷᠢᠭ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠶᠢ 3.09 ᠲᠦᠮᠡᠨ ᠲᠡᠭᠰᠢ ᠳᠥᠷᠪᠡᠯᠵᠢᠨ ᠮᠧᠲᠷ ᠂ 1 ᠪᠡᠶ᠎ᠡ ᠶᠢᠨ ᠲᠠᠮᠢᠷ ᠤᠨ ᠤᠷᠠᠯᠢᠭ ᠤᠨ ᠣᠷᠳᠣᠨ᠂ 1 ᠳᠠᠳᠤᠯᠭ᠎ᠠ ᠪᠣᠯᠪᠠᠰᠤᠷᠠᠯ ᠤᠨ ᠠᠰᠠᠷ᠂ 1 ᠪᠠᠶᠢᠷᠢ ᠶᠢᠨ ᠠᠰᠠᠷ᠂ 1 ᠬᠤᠭᠤᠯᠠᠨ ᠭᠡᠷ ᠵᠢᠴᠢ ᠮᠡᠳᠡᠭᠦᠯᠦᠯᠲᠡ ᠶᠢᠨ ᠲᠢᠩᠬᠢᠮ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ᠲᠤᠰ ᠲᠦᠷᠦᠯ ᠵᠦᠢᠯ ᠢ ᠨᠢᠭᠡᠨᠲᠡ 2022 ᠣᠨ ᠤ 8 ᠰᠠᠷ᠎ᠠ ᠳᠤ ᠡᠬᠢᠯᠡᠭᠦᠯᠵᠦ᠂ 2023 ᠣᠨ ᠤ 12 ᠰᠠᠷ᠎ᠠ ᠳᠤ ᠭᠤᠣᠯ ᠴᠣᠭᠴᠠ ᠠᠴᠠ ᠪᠡᠶᠡᠯᠡᠭᠦᠯᠵᠦ᠂ 2024 ᠣᠨ ᠤ 9 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ᠣᠳᠣᠬᠠᠨ ᠳᠤ 1252 ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠡᠶ᠎ᠡ ᠲᠠᠮᠢᠷ ᠤᠨ ᠣᠷᠳᠣᠨ᠂ ᠪᠠᠶᠢᠷᠢ ᠶᠢᠨ ᠠᠰᠠᠷ ᠵᠢᠴᠢ ᠪᠣᠳᠠᠲᠠᠢ ᠪᠣᠯᠪᠠᠰᠤᠷᠠᠯ ᠤᠨ ᠠᠰᠠᠷ ᠤᠨ ᠰᠠᠭᠤᠷᠢ ᠪᠠᠷᠢᠯᠭ᠎ᠠ ᠳᠠᠭᠤᠰᠴᠤ᠂ ᠬᠤᠭᠤᠯᠠᠨ ᠲᠢᠩᠬᠢᠮ ᠵᠢᠴᠢ ᠮᠡᠳᠡᠭᠦᠯᠦᠯᠲᠡ ᠶᠢᠨ ᠲᠢᠩᠬᠢᠮ ᠤᠨ ᠭᠤᠣᠯ ᠴᠣᠭᠴᠠ ᠶᠢ ᠶᠠᠭ ᠪᠠᠶᠢᠭᠤᠯᠵᠤ ᠪᠣᠶ᠃ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ 600 ᠲᠡᠭᠦᠰᠬᠦ ᠰᠣᠷᠣᠭᠴᠢ ᠶᠢᠨ ︽ᠰᠤᠷᠭᠠᠭᠤᠯᠢ ᠳᠤ ᠣᠷᠣᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠦᠲᠦᠮᠵᠢᠲᠡᠢ ᠪᠠᠷ ᠥᠷᠭᠡᠳᠬᠡᠨ᠂ ᠪᠥᠬᠦ ᠰᠢᠶᠠᠨ ᠤ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号