| ︽ᠶᠠᠨᠱᠠᠨ ᠠᠭᠤᠯᠠ ᠶᠢᠨ ᠠᠷᠤ ᠬᠤᠷᠮᠣᠢ· ᠵᠠᠭᠤᠨ ᠭᠠᠵᠠᠷ ᠤᠨ ᠵᠢᠷᠤᠭᠲᠤ ᠬᠤᠩᠭᠢᠯ 2023 ᠤᠨ ᠨᠢᠩᠴᠧᠩ ᠤᠨ | ᠵᠢᠭᠤᠯᠴᠢᠯᠠᠯ ᠤᠨ ᠤᠯᠠᠷᠢᠯ︾︾ ᠤᠨ ᠡᠬᠢᠯᠡᠯᠲᠡ ᠶᠢᠨ ᠶᠣᠰᠣᠯᠠᠯ ᠤᠨ ᠤᠬᠠᠭᠤᠯᠭ᠎ᠠ ᠶᠢᠨ ᠪᠠᠶᠢᠳᠠᠯ ᠢ ᠠᠰᠢᠭᠯᠠᠨ᠂ ︽5·1︾ | ᠤ ᠬᠤᠭᠤᠴᠠᠭᠠᠨ ᠳᠤ᠂ ᠨᠢᠩᠴᠧᠩ ᠰᠢᠶᠠᠨ ᠤ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠪᠤᠯᠤᠨ | ᠵᠤᠭᠠᠴᠠᠭᠰᠠᠳ ᠬᠠᠮᠲᠤ ᠪᠠᠷ ᠬᠠᠪᠤᠷ ᠤᠨ ᠰᠠᠶᠢᠬᠠᠨ ᠭᠡᠷ᠎ᠡ ᠳᠤ ᠣᠷᠣᠯᠴᠠᠵᠤ᠂ ᠰᠣᠶᠣᠯ ᠵᠢᠭᠤᠯᠴᠢᠯᠠᠯ ᠤᠨ ᠰᠠᠶᠢᠨ | ︽ᠬᠢᠷᠢ ᠪᠦᠲᠦᠮᠵᠢ ᠶᠢᠨ ᠬᠠᠭᠤᠳᠠᠰᠤ︾ ᠶᠢ ᠭᠠᠷᠳᠠᠭᠤᠯᠵᠠᠢ᠃ | ᠵᠢᠯ ᠤᠨ ᠡᠬᠢᠨ ᠠᠴᠠ ᠨᠠᠰᠢ᠂ ᠨᠢᠩᠴᠧᠩ ᠰᠢᠶᠠᠨ ᠤ ᠬᠢᠨ ᠣᠨᠴᠠᠯᠢᠭᠲᠤ ᠰᠣᠶᠣᠯ ᠤᠨ ᠵᠢᠭᠤᠯᠴᠢᠯᠠᠯ ᠪᠠ ᠠᠮᠢ | ᠠᠬᠤᠢ ᠶᠢᠨ ᠡᠷᠡᠭᠦᠯ ᠮᠡᠨᠳᠦ ᠰᠤᠪᠢᠯᠠᠯᠲᠠ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ | ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠶᠡᠬᠡᠪᠡᠷ ᠠᠬᠢᠭᠤᠯᠵᠤ᠂ ᠵᠢᠭᠤᠯᠴᠢᠯᠠᠯ ᠤᠨ ᠲᠥᠬᠦᠭᠡᠷᠦᠮᠵᠢ ᠶᠢ | ᠴᠢᠨᠠᠭᠰᠢᠳᠠ ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ ᠶᠢᠨ ᠬᠠᠮᠲᠤ ᠭᠤᠶᠤ ᠰᠠᠶᠢᠬᠠᠨ ᠵᠢᠭᠤᠯᠴᠢᠯᠠᠯ ᠤᠨ ᠡᠬᠢ | ᠪᠠᠶᠠᠯᠢᠭ ᠢᠶᠠᠷ ᠲᠠᠶᠢᠴᠢᠯᠠᠵᠦ᠂ ᠰᠢᠯᠢᠳᠡᠭ ᠰᠠᠶᠢᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢᠶᠠᠷ ᠬᠥᠳᠡᠯᠭᠡᠭᠦᠷ | ᠪᠣᠯᠭᠠᠵᠤ᠂ ᠰᠢᠯᠢᠳᠡᠭ ᠰᠠᠶᠢᠨ ᠢᠵᠢ ᠪᠦᠷᠢᠳᠦᠭᠰᠡᠨ ᠦᠢᠯᠡᠴᠢᠯᠡᠭᠡ ᠪᠠᠷ ᠲᠠᠶᠢᠴᠢᠯᠠᠵᠦ᠂ ᠨᠢᠩᠴᠧᠩ ᠤᠨ | ᠵᠢᠭᠤᠯᠴᠢᠯᠠᠯ ᠤᠨ ᠲᠦᠷᠦᠯ ᠲᠡᠮᠳᠡᠭ ᠢ ᠪᠤᠢ ᠪᠣᠯᠭᠠᠵᠤ᠂ ᠰᠦᠷ ᠬᠦᠴᠦᠨ ᠢ ᠪᠠᠳᠠᠷᠠᠭᠤᠯᠵᠤ᠂ ᠬᠥᠮᠥᠰ ᠤᠨ ᠬᠦᠷᠢᠶᠡᠯᠡᠯ ᠢ | ᠨᠢᠭᠲᠠᠷᠠᠭᠤᠯᠵᠤ᠂ ᠵᠠᠬ᠎ᠠ ᠳᠡᠯᠭᠡᠭᠦᠷ ᠢ ᠳᠤᠯᠠᠭᠠᠴᠠᠭᠤᠯᠤᠨ᠎ᠠ᠃ᠢᠯᠠᠩᠭᠤᠶ᠎ᠠ ︽ᠲᠠᠪᠤᠨ ᠰᠠᠷ᠎ᠠ ᠶᠢᠨ ᠨᠢᠭᠡᠨ︾ ᠤ | ᠬᠤᠭᠤᠴᠠᠭᠠᠨ ᠳᠤ᠂ ᠨᠠᠷᠢᠨ ᠨᠢᠮᠪᠠᠢ ᠤᠬᠠᠭᠠᠯᠠᠭᠰᠠᠨ ︽ᠶᠠᠨᠱᠠᠨ ᠠᠭᠤᠯᠠ ᠶᠢᠨ ᠠᠷᠤ ᠬᠤᠷᠮᠣᠢ· ᠵᠠᠭᠤᠨ ᠭᠠᠵᠠᠷ ᠤᠨ | ᠵᠢᠷᠤᠭᠲᠤ ᠬᠤᠩᠭᠢᠯ 2023 ᠤᠨ ᠨᠢᠩᠴᠧᠩ ᠤᠨ ᠵᠢᠭᠤᠯᠴᠢᠯᠠᠯ ᠤᠨ ᠤᠯᠠᠷᠢᠯ︾︾ ᠤᠨ ᠡᠬᠢᠯᠡᠯᠲᠡ ᠶᠢᠨ | ᠶᠣᠰᠣᠯᠠᠯ ᠤᠨ ᠰᠢᠷᠢᠰ ᠠᠵᠢᠯᠯᠠᠭ᠎ᠠ ᠪᠥᠵᠢᠭ᠂ ᠦᠨᠳᠦᠰᠦᠲᠡᠨ ᠤ ᠬᠥᠭᠵᠢᠮᠳᠡᠭᠦᠷ᠂ ᠳᠠᠭᠤᠤ ᠶᠢᠨ ᠬᠠᠮᠲᠤᠷᠠᠯ᠂ | ᠦᠵᠡᠭᠳᠡᠯᠲᠦ ᠰᠢᠯᠦᠭ ᠵᠢᠷᠤᠭ᠂ ᠪᠢᠰᠬᠢᠭᠦᠷ ᠤᠨ ᠨᠠᠶᠢᠷᠠᠯ ᠬᠥᠭᠵᠢᠮ᠂ ᠰᠢᠯᠦᠭ ᠤᠶᠠᠩᠭᠠᠯᠠᠬᠤ ᠵᠡᠷᠭᠡ ᠰᠣᠶᠣᠯ | ᠵᠤᠭᠠᠴᠠᠯ ᠤᠨ ᠲᠣᠭᠯᠠᠯᠲᠠ ᠵᠢᠴᠢ ᠭᠡᠷᠡᠯ ᠵᠢᠷᠤᠭ ᠤᠨ ᠦᠵᠡᠰᠬᠦᠯᠡᠩ᠂ ᠮᠢᠩᠭᠠᠨ ᠬᠥᠮᠥᠨ ᠬᠤᠯᠠ ᠠᠶᠠᠯᠠᠨ ᠵᠤᠭᠠᠴᠠᠬᠤ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠵᠤ᠂ ᠪᠡᠭᠡᠵᠢᠩ᠂ ᠯᠢᠶᠣᠤᠨᠢᠩ᠂ ᠤᠯᠠᠭᠠᠨᠬᠠᠳᠠ ᠵᠡᠷᠭᠡ | ᠡᠷᠬᠢᠨ ᠲᠣᠭᠤᠷᠢᠨ ᠤ ᠭᠠᠵᠠᠷ ᠣᠷᠣᠨ ᠤ ᠤᠯᠠᠨ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠵᠤᠭᠠᠴᠠᠨ ᠰᠣᠨᠢᠷᠬᠠᠬᠤ | ᠳᠤᠮᠳᠠ ᠰᠡᠳᠬᠢᠯ ᠰᠠᠨᠠᠭ᠎ᠠ ᠶᠢ ᠨᠢ ᠠᠭᠤᠵᠢᠷᠠᠭᠤᠯᠵᠤ᠂ ᠡᠬᠡ ᠪᠠᠶᠢᠭᠠᠯᠢ ᠲᠠᠢ ᠣᠶᠢᠷᠠᠲᠤᠭᠤᠯᠵᠠᠢ᠃︽5·1︾ ᠤ | ᠠᠮᠠᠷᠠᠯᠲᠠ ᠶᠢᠨ ᠬᠤᠭᠤᠴᠠᠭᠠᠨ ᠳᠤ᠂ ᠵᠤᠭᠠᠴᠠᠭᠰᠠᠳ ᠢ ᠨᠡᠶᠢᠳᠡ 8.3 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ | ᠠᠳᠠᠯᠢ ᠬᠤᠭᠤᠴᠠᠭᠠᠨ ᠤ ᠬᠢ ᠠᠴᠠ 51.85% ᠨᠡᠮᠡᠭᠳᠡᠵᠦ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 2200 | ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 48.52% ᠨᠡᠮᠡᠭᠳᠡᠵᠡᠢ᠃ |