ᠨᠢᠩᠴᠧᠩ ᠰᠢᠶᠠᠨ ᠳᠤᠮᠳᠠᠳᠤ ᠤᠯᠤᠰ ᠤᠨ ᠬᠡᠦᠬᠡᠳ ᠪᠠᠭᠠᠴᠤᠳ ᠤᠨ ᠨᠢᠷᠤᠭᠤᠨ ᠶᠠᠰᠣᠨ ᠤ ᠮᠤᠷᠤᠶᠢᠯᠲᠠ ᠶᠢᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/6/1
 ᠪᠠᠭᠠᠨ᠎ᠠ ᠨᠢᠷᠤᠭᠤᠨ ᠤ ᠬᠠᠵᠠᠭᠤ ᠮᠤᠷᠤᠶᠢᠯᠲᠠ ᠪᠣᠯ ᠨᠢᠭᠡ ᠵᠦᠢᠯ ᠤᠨ ᠬᠡᠦᠬᠡᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠣᠴᠢᠲᠠᠢ ᠨᠥᠯᠥᠭᠡᠯᠡᠬᠦ ᠡᠪᠡᠳᠴᠢᠨ ᠮᠥᠨ᠂ ᠲᠡᠷᠡ ᠨᠢ ᠲᠦᠷᠭᠡᠨ ᠦᠰᠦᠨ ᠪᠣᠶᠢᠵᠢᠵᠤ ᠪᠠᠶᠢᠭ᠎ᠠ ᠬᠡᠦᠬᠡᠳ ᠪᠠᠭᠠᠴᠤᠳ ᠤᠨ ᠦᠶ᠎ᠡ ᠳᠤ ᠣᠯᠠᠨ ᠡᠭᠦᠰᠳᠡᠭ᠃ᠬᠡᠷᠪᠡ ᠬᠡᠦᠬᠡᠳ ᠪᠠᠭᠠᠴᠤᠳ ᠤᠨ ᠨᠢᠭᠡᠨᠲᠡ ᠢᠯᠡᠷᠡᠭᠰᠡᠨ ᠪᠠᠭᠠᠨ᠎ᠠ ᠨᠢᠷᠤᠭᠤᠨ ᠤ ᠬᠠᠵᠠᠭᠤ ᠮᠤᠷᠤᠶᠢᠯᠲᠠ ᠶᠢ ᠴᠠᠭ ᠲᠤᠬᠠᠢ ᠳᠤᠨᠢ ᠣᠯᠵᠤ ᠮᠡᠳᠡᠬᠦ᠂ ᠬᠠᠷᠰᠢᠯᠠᠬᠤ ᠪᠠ ᠡᠮᠨᠡᠨ ᠵᠠᠰᠠᠬᠤ ᠦᠭᠡᠢ ᠪᠣᠯ ᠵᠡᠷᠡᠮᠳᠡᠭ ᠤᠨ ᠬᠡᠮᠵᠢᠶ᠎ᠡ ᠨᠢ ᠠᠭᠠᠵᠢᠮ ᠢᠶᠠᠷ ᠬᠦᠨᠳᠦᠷᠡᠵᠦ᠂ ᠴᠢᠨᠠᠭᠰᠢᠯᠠᠪᠠᠯ  ᠨᠢᠷᠤᠭᠤ ᠡᠪᠡᠳᠬᠦ᠂ ᠬᠥᠳᠡᠯᠭᠡᠭᠡᠨ ᠤ ᠴᠢᠳᠠᠪᠤᠷᠢ ᠨᠢ ᠮᠠᠭᠤᠳᠠᠬᠤ᠂ ᠴᠢᠨᠠᠭᠰᠢᠯᠠᠪᠠᠯ ᠲᠠᠮᠪᠠᠷᠠᠬᠤ ᠪᠠᠶᠢᠳᠠᠯ ᠭᠠᠷᠬᠤ ᠶᠢᠨ ᠬᠠᠮᠲᠤ ᠡᠮᠨᠡᠨ ᠵᠠᠰᠠᠬᠤ ᠬᠦᠴᠢᠷ ᠤᠨ ᠬᠡᠮᠵᠢᠶ᠎ᠡ ᠨᠢ ᠨᠡᠮᠡᠭᠳᠡᠵᠦ᠂ ᠵᠠᠷᠤᠳᠠᠯ ᠨᠢ ᠨᠡᠮᠡᠭᠳᠡᠨ᠂ ᠡᠴᠦᠰ ᠲᠡᠭᠡᠨ ᠭᠡᠷ ᠪᠦᠯᠢ ᠪᠠ ᠨᠡᠶᠢᠭᠡᠮ ᠳᠤ ᠬᠦᠨᠳᠦ ᠳᠠᠷᠤᠭᠠᠰᠤ ᠶᠢ ᠠᠪᠴᠢᠷᠠᠨ᠎ᠠ᠃ ᠨᠢᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ  ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠨᠢᠩᠴᠧᠩ ᠰᠢᠶᠠᠨ ᠤ ᠲᠥᠪ ᠡᠮᠨᠡᠯᠭᠡ ᠶᠢᠨ ᠬᠤᠷᠢᠶ᠎ᠠ ︵ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠪᠠ᠃ᠪᠠᠶᠢᠴᠠᠭᠠᠯᠲᠠ ᠶᠢᠨ ᠳᠤᠭᠤᠶᠢᠯᠠᠩ 5 ᠰᠠᠷ᠎ᠠ ᠶᠢᠨ 15  ᠤ ᠡᠳᠦᠷ ᠠᠴᠠ 25  ᠤ ᠡᠳᠦᠷ ᠪᠣᠯᠲᠠᠯ᠎ᠠ᠂ ᠤᠷᠢᠳ ᠬᠤᠵᠢᠳ ᠳᠡᠭᠡᠷ᠎ᠡ ᠬᠤᠷᠤᠭ᠎ᠠ  ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂  ᠶᠡᠭᠡ ᠵᠦᠩ ᠰᠢᠶᠠᠩ ᠤᠨ ᠪᠠᠭ᠎ᠠ ᠵᠦᠩ ᠬᠤᠯᠪᠣᠭᠠᠲᠤ ᠪᠠᠭ᠎ᠠ ᠰᠤᠷᠭᠠᠭᠤᠯᠢ᠂ ᠰᠢ ᠽᠢ ᠭᠤᠣᠯ ᠪᠠᠭ᠎ᠠ ᠰᠤᠷᠭᠠᠭᠤᠯᠢ᠂ ᠨᠢᠩᠴᠧᠩ  ᠤᠨ ᠽᠢ ᠮᠧᠩ ᠳᠤᠮᠳᠠᠳᠤ ᠰᠤᠷᠭᠠᠭᠤᠯᠢ ᠳᠤ ᠬᠦᠷᠴᠦ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠵᠡᠢ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠨ ᠪᠠᠶᠢᠴᠠᠭᠠᠯᠲᠠ ᠶᠢᠨ ᠴᠡᠭ ᠤᠨ ᠨᠢᠭᠡ ᠪᠣᠯᠤᠭᠰᠠᠨ ᠤ ᠬᠤᠪᠢ ᠳᠤ᠂ ᠨᠢᠩᠴᠧᠩ ᠰᠢᠶᠠᠨ ᠤ ᠪᠠᠶᠢᠴᠠᠭᠠᠯᠲᠠ ᠶᠢᠨ ᠴᠡᠭ ᠤᠨ ᠬᠢᠨ ᠨᠢᠭᠡᠳᠦᠭᠡᠷ ᠱᠠᠲᠤᠨ ᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠠᠵᠢᠯ ᠢ ᠠᠩᠬ᠎ᠠ ᠤᠳᠠᠭ᠎ᠠ ᠪᠡᠶᠡᠯᠡᠭᠦᠯᠵᠡᠢ᠃  ᠲᠠᠷᠠᠭᠠᠴᠢ ᠶᠢᠨ ᠠᠯᠬᠤᠮ ᠳᠤ᠂ᠪᠠᠶᠢᠴᠠᠭᠠᠯᠲᠠ ᠶᠢᠨ ᠳᠤᠭᠤᠶᠢᠯᠠᠩ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠭᠰᠡᠨ ᠤ ᠳᠠᠷᠠᠭᠠᠬᠢ ᠴᠢᠰᠤᠨ ᠳᠠᠷᠤᠯᠲᠠ ᠬᠡᠪ ᠤᠨ ᠪᠤᠰᠤ ᠰᠣᠷᠣᠭᠴᠢ ᠶᠢᠨ ᠬᠤᠶᠠᠷ ᠤᠳᠠᠭᠠᠨ ᠤ ᠳᠠᠬᠢᠨ ᠪᠠᠶᠢᠴᠠᠭᠠᠯᠲᠠ᠂ ᠰᠣᠷᠣᠭᠴᠢ ᠶᠢᠨ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠬᠠᠷᠢᠭᠤ ᠲᠤᠰᠬᠠᠯ ᠢ ᠦᠷᠭᠦᠯᠵᠢᠯᠡᠨ ᠪᠡᠶᠡᠯᠡᠭᠦᠯᠵᠦ᠂ ᠰᠤᠷᠭᠠᠭᠤᠯᠢ ᠲᠠᠢ ᠬᠠᠮᠵᠢᠯᠴᠠᠨ ᠠᠷᠭ᠎ᠠ ᠴᠢᠨᠠᠷᠲᠠᠢ ᠰᠣᠷᠣᠭᠴᠢ ᠶᠢ ᠠᠩᠬ᠎ᠠ ᠰᠢᠯᠢᠵᠦ ᠨᠢᠩᠴᠧᠩ ᠰᠢᠶᠠᠨ ᠤ ᠲᠥᠪ ᠡᠮᠨᠡᠯᠭᠡ ᠶᠢᠨ ᠬᠤᠷᠢᠶ᠎ᠠ ᠳᠤ ᠬᠦᠷᠴᠦ ᠣᠨᠣᠰᠢᠯᠠᠭᠤᠯᠬᠤ ᠠᠵᠢᠯ ᠢ  ᠪᠡᠶᠡᠯᠡᠭᠦᠯᠦᠨ᠎ᠡ᠃
 
ᠢᠷᠡᠯᠲᠡ᠄ ᠨᠢᠩᠴᠧᠩ ᠰᠢᠶᠠᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号