ᠨᠢᠩᠴᠧᠩ ᠰᠢᠶᠠᠨ ᠤᠯᠠᠨ ᠲᠠᠯ᠎ᠠ ᠪᠠᠷ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠵᠡᠢ
ᠨᠡᠶᠢᠲᠡᠯᠡᠭᠰᠡᠨ ᠴᠠᠭ᠄
2023/6/5
  ᠬᠡᠦᠬᠡᠳ ᠤᠨ ᠠᠰᠠᠷᠠᠮᠵᠢ ᠪᠠ ᠡᠷᠬᠡ ᠠᠰᠢᠭ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠨᠢᠩᠴᠧᠩ ᠰᠢᠶᠠᠨ ︽ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ ᠢᠷᠡᠭᠡᠳᠦᠢ ᠪᠠᠨ ᠬᠠᠮᠠᠭᠠᠯᠠᠶ᠎ᠠ︾ᠭᠡᠬᠦ ᠭᠤᠣᠯ ᠰᠡᠳᠦᠪ ᠢᠶᠠᠷ ᠤᠯᠠᠨ ᠶᠠᠩᠵᠤ ᠶᠢᠨ ᠬᠡᠯᠪᠡᠷᠢ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠪᠠᠷ ᠠᠵᠢᠯ ᠢᠶᠠᠨ ᠠᠬᠢᠭᠤᠯᠵᠤ᠂ ᠥᠷᠭᠡᠨ ᠤᠯᠠᠨ ᠬᠡᠦᠬᠡᠳ ᠲᠤ ᠪᠠᠷ᠎ᠠ ᠪᠣᠯᠵᠤ ᠨᠢᠭᠡᠨ ᠡᠷᠡᠭᠦᠯ ᠰᠠᠷᠠᠭᠤᠯ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠢ ᠥᠩᠭᠡᠷᠡᠭᠦᠯᠦᠨ᠂ ᠬᠡᠦᠬᠡᠳ ᠤᠨ ᠠᠰᠠᠷᠠᠮᠵᠢ ᠪᠠ ᠡᠷᠬᠡ ᠠᠰᠢᠭ ᠤᠨ ᠬᠠᠮᠠᠭᠠᠯᠠᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃  ᠨᠢᠭᠡ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ᠃ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠂ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠨ ᠨᠠᠰᠤᠨ ᠳᠤ ᠥᠯᠥ ᠬᠦᠷᠦᠭᠰᠡᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠶᠢᠯᠤᠮᠵᠢ ᠬᠢᠵᠦ᠂ ᠬᠡᠦᠬᠡᠳ ᠤᠳ ᠲᠤ ᠤᠯᠤᠰ ᠤᠨ ᠨᠤᠲᠤᠭ ᠳᠡᠪᠢᠰᠬᠡᠷ᠂ ᠬᠠᠷᠢᠶᠠᠲᠤ ᠳᠠᠯᠠᠶ᠂ ᠬᠠᠷᠢᠶᠠᠲᠤ ᠠᠭᠠᠷ ᠤᠨ ᠡᠩ ᠤᠨ ᠠᠭᠤᠯᠬᠤᠨ ᠢ ᠣᠶᠢᠯᠠᠭᠠᠭᠤᠯᠤᠨ ᠡᠵᠡᠮᠰᠢᠭᠦᠯᠵᠦ᠂ ᠮᠠᠨ ᠤ ᠤᠯᠤᠰ ᠤᠨ ᠵᠡᠪᠰᠡᠭᠲᠦ ᠬᠦᠴᠦᠨ ᠤ ᠮᠡᠳᠡᠯᠭᠡ᠂ ᠵᠢᠱᠢᠶᠡᠯᠡᠪᠡᠯ ᠠᠷᠠᠳ ᠤᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠷᠦᠭᠡ ᠶᠢᠨ ᠴᠡᠷᠢᠭ ᠪᠠ ᠪᠡᠯᠡᠳᠬᠡᠯ ᠠᠯᠪᠠᠨ ᠤ ᠴᠡᠷᠢᠭ ᠠᠩᠭᠢ ᠶᠢᠨ ᠪᠠᠶᠢᠭᠤᠯᠤᠯ ᠪᠠ ᠭᠤᠣᠯ ᠡᠭᠦᠷᠭᠡ ᠲᠤᠰᠢᠶᠠᠯ ᠵᠡᠷᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠷᠢᠶᠡᠨ ᠳᠠᠬᠢ ᠦᠨᠳᠦᠰᠦᠨ ᠮᠡᠳᠡᠯᠭᠡ  ᠨᠢ ᠲᠡᠳᠡᠠ ᠢ ᠬᠥᠲᠥᠯᠥᠨ ᠵᠢᠯᠤᠭᠤᠳᠴᠤ ᠪᠠᠶᠢᠭᠠᠳ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠲᠠᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ  ᠴᠢᠩᠭᠠᠷᠠᠭᠤᠯᠤᠨ᠎ᠠ᠃  ᠬᠤᠶᠠᠷ ᠲᠤ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠤᠬᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃︽ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠬᠠᠷᠠᠬᠠᠨ ᠪᠠᠭ᠎ᠠ ᠠᠴᠠ ᠪᠠᠨ ᠡᠬᠢᠯᠡᠨ ᠠᠳᠬᠤᠪᠠ︾᠃ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠠᠴᠠ ᠬᠡᠳᠦᠨ ᠨᠠᠮ ᠤᠨ ᠭᠡᠰᠢᠭᠦᠨ ᠪᠠ ᠰᠠᠶᠢᠨ ᠲᠤᠷᠠᠴᠤᠳ ᠢ ᠰᠣᠩᠭᠤᠨ ᠲᠣᠮᠢᠯᠠᠵᠤ᠂ ᠴᠥᠭᠡᠨ ᠲᠣᠭᠠᠲᠤ ᠦᠨᠳᠦᠰᠦᠲᠡᠨ ᠤ ᠴᠤᠭᠯᠠᠷᠠᠭᠰᠠᠨ ᠶᠢᠨ ᠪᠦᠦ ᠪᠧᠢ ᠬᠡᠦᠬᠡᠳ ᠤᠨ ᠴᠡᠴᠡᠷᠯᠢᠭ ᠲᠤ ᠣᠴᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠤᠬᠠᠭᠤᠯᠬᠤ ᠠᠵᠢᠯᠯᠠᠭ᠎ᠠ ᠥᠷᠨᠢᠭᠦᠯᠵᠦ᠂ ᠭᠡᠷ ᠳᠣᠲᠣᠷ᠎ᠠ ᠪᠠᠨ ᠦᠨᠳᠦᠰᠦᠲᠡᠨ ᠤ ᠰᠠᠭᠤᠷᠢ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ ᠭᠠᠷᠭᠠᠬᠤ ᠪᠠ 56 ᠰᠣᠷᠭᠤᠭ ᠴᠡᠴᠡᠭ ᠢ ᠭᠠᠷ ᠢᠶᠠᠷ ᠦᠢᠯᠡᠳᠬᠦ ᠪᠠᠷ ᠳᠠᠮᠵᠢᠭᠤᠯᠤᠨ᠂ ᠬᠡᠦᠬᠡᠳ ᠲᠤ ︽ᠥᠪᠡᠷ ᠤᠨ ᠨᠢᠳᠦ ᠪᠠᠨ ᠬᠠᠮᠠᠭᠠᠯᠠᠬᠤ ᠲᠠᠢ ᠠᠳᠠᠯᠢ ᠪᠠᠷ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠡᠷᠡᠭᠲᠡᠢ︾ ᠭᠡᠵᠦ ᠬᠡᠯᠡᠵᠦ ᠦᠭᠭᠦᠨ᠂ ᠭᠡᠷ ᠤᠨ ᠭᠠᠳᠠᠨ᠎ᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠬᠡᠦᠬᠡᠳ᠂ ᠭᠡᠷ ᠤᠨ ᠠᠬᠠᠮᠠᠳ ᠵᠢᠴᠢ ᠡᠷᠬᠢᠨ ᠲᠣᠭᠤᠷᠢᠨ ᠤ ᠤᠯᠠᠨ ᠲᠦᠮᠡᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠬᠡᠦᠬᠡᠳ ᠢ ᠪᠠᠭ᠎ᠠ ᠠᠴᠠ ᠨᠢ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠲᠠᠢ ᠪᠣᠯᠭᠠᠵᠤ᠂ ᠭᠡᠷ ᠤᠨ ᠠᠬᠠᠮᠠᠳ ᠢ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠣᠯᠭᠠᠨ᠎ᠠ᠃ ᠭᠤᠷᠪᠠ ᠳᠤ ᠵᠡᠮᠳᠡᠭ ᠬᠡᠦᠬᠡᠳ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠰᠠᠨᠠᠭᠠᠴᠢᠯᠠᠵᠤ᠂ ᠨᠢᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠳᠤᠮᠳᠠᠳᠤ ᠶᠢᠨ ᠰᠧ ᠶᠤᠸᠠᠨ ᠢᠨᠵᠧᠨᠧᠷᠢᠩ ᠤᠨ ᠰᠠᠭᠤᠷᠢ ᠮᠥᠩᠭᠦᠨ ᠤ ᠨᠡᠶᠢᠭᠡᠮᠯᠢᠭ᠂ ᠪᠡᠭᠡᠵᠢᠩ ᠤᠨ ᠶᠠᠨ ᠷᠠᠨ ᠲᠡᠭᠷᠢ ᠶᠢᠨ ᠡᠯᠴᠢ ᠬᠡᠦᠬᠡᠳ ᠤᠨ ᠡᠮᠨᠡᠯᠭᠡ ᠶᠢᠨ ᠬᠤᠷᠢᠶ᠎ᠠ᠂ ᠨᠢᠩᠴᠧᠩ ᠰᠢᠶᠠᠨ ᠤ ᠰᠠᠨᠠᠭ᠎ᠠ ᠠᠮᠤᠷ ᠠᠪᠤᠷᠠᠨ ᠲᠤᠰᠠᠯᠠᠬᠤ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠨᠢᠩᠴᠧᠩ ᠰᠢᠶᠠᠨ ᠳᠤ ᠬᠡᠦᠬᠡᠳ ᠢ ᠨᠢᠭᠦᠯᠡᠰᠦᠩᠭᠦᠢ ᠪᠠᠷ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃ᠠᠵᠢᠯᠯᠠᠭ᠎ᠠ ᠶᠢᠨ ᠳᠤᠮᠳᠠ᠂ ᠪᠡᠭᠡᠵᠢᠩ ᠤᠨ ᠶᠠᠨ ᠷᠠᠨ ᠲᠡᠭᠷᠢ ᠶᠢᠨ ᠡᠯᠴᠢ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠶᠢᠨ ᠲᠤᠰᠬᠠᠢ ᠮᠡᠷᠭᠡᠵᠢᠯᠲᠡᠨ ᠨᠢᠳᠦ᠂ ᠴᠢᠬᠢ᠂ ᠤᠷᠤᠭᠤᠯ ᠲᠠᠩᠨᠠᠢ ᠵᠡᠷᠭᠡ 14 ᠡᠪᠡᠳᠴᠢᠨ ᠲᠠᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡᠨ ᠤ ᠰᠢᠭᠰᠢᠨ ᠪᠠᠶᠢᠴᠠᠭᠠᠯᠲᠠ ᠬᠢᠵᠦ᠂ ᠠᠪᠤᠷᠠᠨ ᠲᠤᠰᠠᠯᠠᠬᠤ ᠪᠠᠷᠢᠮᠵᠢᠶ᠎ᠠ ᠳᠤ ᠨᠡᠶᠢᠴᠡᠭᠰᠡᠨ 5 ᠡᠪᠡᠳᠴᠢᠨ ᠲᠠᠢ ᠬᠡᠦᠬᠡᠳ ᠢ ᠪᠥᠬᠦ ᠲᠤᠭ᠎ᠠ ᠪᠠᠷ ᠠᠪᠤᠷᠠᠨ ᠲᠤᠰᠠᠯᠠᠵᠤ ᠡᠮᠨᠡᠨ ᠵᠠᠰᠠᠵᠤ᠂ ᠡᠪᠡᠳᠴᠢᠨ ᠲᠠᠢ ᠬᠡᠦᠬᠡᠳ ᠤᠨ ᠭᠡᠷ ᠪᠦᠯᠢ ᠳᠤ ᠬᠠᠶᠢᠷ᠎ᠠ ᠬᠠᠯᠠᠮᠵᠢ ᠬᠦᠷᠭᠡᠵᠦ᠂ ᠡᠪᠡᠳᠴᠢᠨ ᠲᠠᠢ ᠬᠡᠦᠬᠡᠳ ᠢ ᠢᠷᠡᠭᠡᠳᠦᠢ ᠶᠢᠨ ᠦᠰᠦᠨ ᠪᠣᠶᠢᠵᠢᠬᠤ ᠵᠠᠮ ᠢᠶᠠᠷ ᠨᠢ ᠡᠷᠡᠭᠦᠯ ᠢᠶᠠᠷ ᠤᠷᠤᠭᠰᠢᠯᠠᠭᠤᠯᠤᠨ᠎ᠠ᠃  ᠳᠥᠷᠪᠡ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠠᠪᠰᠤᠷᠤᠨ ᠵᠢᠯᠤᠭᠤᠳᠬᠤ ᠠᠵᠢᠯᠯᠠᠭ᠎ᠠ ᠶᠢ ᠥᠷᠨᠢᠭᠦᠯᠦᠨ᠎ᠡ᠃ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠵᠦᠪᠯᠡᠯᠭᠡ ᠦᠭᠴᠦ᠂ ᠲᠣᠰ ᠤᠳᠠᠭᠠᠨ ᠤ ᠠᠵᠢᠯᠯᠠᠭ᠎ᠠ ᠳᠤ 2 ᠲᠤᠰᠬᠠᠢ ᠲᠤᠰᠢᠶᠠᠯᠲᠤ ᠰᠡᠳᠬᠢᠴᠡ ᠶᠢᠨ ᠵᠥᠪᠯᠡᠯᠭᠡ ᠥᠭᠭᠦᠭᠴᠢ ᠶᠢ ᠤᠷᠢᠵᠤ 15 ᠨᠠᠰᠤᠨ ᠳᠤ ᠥᠯᠥ ᠭᠦᠷᠦᠭᠰᠡᠳ ᠲᠤ ᠳᠤᠭᠤᠶᠢᠯᠠᠩ ᠬᠤᠪᠢᠶᠠᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠬᠢᠯᠭᠡᠬᠦ ᠶᠢᠨ ᠬᠠᠮᠲᠤ ᠰᠡᠳᠬᠢᠴᠡ ᠶᠢᠨ ᠡᠷᠡᠭᠦᠯ ᠮᠡᠨᠳᠦ ᠶᠢᠨ ᠡᠯᠡᠰᠦᠨ ᠴᠠᠷ᠎ᠠ ᠶᠢᠨ ᠲᠣᠭᠯᠠᠭᠠᠮ ᠥᠷᠨᠢᠭᠦᠯᠬᠦ ᠶᠢᠨ ᠬᠠᠮᠲᠤ ᠨᠢᠭᠡ ᠨᠢᠭᠡ ᠪᠠᠷ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃  ᠲᠠᠪᠤ ᠳᠤ ᠬᠡᠦᠬᠡᠳ ᠤᠨ ᠬᠢᠨᠠᠨ ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢᠨ ᠲᠤᠰᠬᠠᠢ ᠰᠡᠳᠦᠪᠲᠦ  ᠪᠤᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠦᠨ᠎ᠡ᠃ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠡᠰᠡᠭ ᠬᠡᠦᠬᠡᠳ ᠤᠨ ᠬᠢᠨᠠᠨ ᠵᠢᠯᠣᠭᠤᠳᠤᠭᠴᠢ ᠪᠠ ᠬᠡᠦᠬᠡᠳ ᠤᠨ ᠡᠷᠬᠢᠯᠡᠭᠴᠢ ᠶᠢ ᠵᠣᠬᠢᠶᠠᠨ ᠪᠠᠶᠢᠭᠤᠯᠵᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠤᠨ ᠠᠩᠭᠢ ᠶᠢ ᠥᠷᠨᠢᠭᠦᠯᠪᠡ᠃ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠥᠷᠥᠯ ᠬᠡᠯᠪᠡᠷᠢ ᠪᠠ ᠠᠭᠤᠯᠬᠤᠨ ᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠢᠯᠠᠩᠭᠤᠶ᠎ᠠ ᠡᠩ ᠤᠨ ᠦᠶ᠎ᠡ ᠳᠤ ᠬᠡᠦᠬᠡᠳ ᠢ ᠡᠷᠭᠢᠵᠦ ᠰᠤᠷᠪᠤᠯᠵᠢᠯᠠᠬᠤ᠂ ᠡᠷᠭᠢᠵᠦ ᠦᠵᠡᠬᠦ᠂ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠴᠦ᠂ ᠭᠤᠣᠯᠳᠠᠭᠤ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠮᠠᠭᠠᠳᠯᠠᠨ ᠲᠣᠭᠲᠠᠭᠠᠬᠤ ᠵᠢᠴᠢ ᠲᠠᠩᠰᠠ ᠡᠪᠬᠡᠮᠡᠯ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠠᠯ᠎ᠠ ᠪᠠᠷ ᠨᠠᠷᠢᠨ ᠲᠠᠶᠢᠯᠤᠮᠵᠢ ᠬᠢᠪᠡ᠃ᠡᠭᠦᠨ ᠤ ᠬᠠᠮᠲᠤ᠂ ᠡᠯ᠎ᠡ ᠬᠡᠦᠬᠡᠳ ᠤᠨ ᠡᠷᠬᠢᠯᠡᠭᠴᠢ ᠶᠢ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠲᠥᠷᠥᠯ ᠬᠤᠪᠢᠶᠠᠨ ᠪᠠᠲᠤᠯᠠᠬᠤ ᠶᠢ ᠠᠬᠢᠭᠤᠯᠵᠤ᠂ ᠨᠠᠷᠢᠯᠢᠭ ᠣᠨᠣᠴᠠᠲᠠᠢ ᠪᠠᠷ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠨ᠂ ᠬᠠᠷᠠᠭᠠᠯᠵᠠᠨ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠠᠲᠤᠯᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃  ᠵᠢᠷᠭᠤᠭ᠎ᠠ ᠳᠤ᠂ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠴᠢᠩᠭᠠᠳᠬᠠᠨ᠎ᠠ᠃ ᠵᠤᠨ ᠤ ᠠᠮᠠᠷᠠᠯᠲᠠ ᠪᠣᠯᠬᠤ ᠭᠡᠵᠦ ᠪᠠᠶᠢᠭ᠎ᠠ ᠦᠶ᠎ᠡ ᠳᠤ᠂ ᠨᠠᠰᠤᠨ ᠳᠤ ᠥᠯᠥ ᠬᠦᠷᠦᠭᠰᠡᠳ ᠤᠨ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠠᠮᠤᠷ ᠲᠦᠪᠰᠢᠨ ᠤ ᠠᠳᠡᠯ ᠭᠠᠷᠬᠤ ᠠᠴᠠ ᠵᠠᠶᠢᠯᠠᠰᠬᠢᠬᠦ ᠶᠢᠨ ᠲᠤᠰᠠᠳᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠠᠴᠢᠮ ᠠᠪᠤᠷᠠᠨ ᠲᠤᠰᠠᠯᠠᠬᠤ ᠠᠵᠢᠯ ᠢ ᠲᠤᠰᠬᠠᠶᠢᠯᠠᠨ ᠬᠢᠳᠡᠭ 3 ᠰᠠᠶᠢᠨ ᠲᠤᠷᠠᠴᠤᠳ ᠢ ᠤᠷᠢᠵᠤ ᠨᠠᠰᠤᠨ ᠳᠤ ᠥᠯᠥ ᠬᠦᠷᠦᠭᠰᠡᠳ ᠳᠤ ᠬᠦᠮᠦᠵᠢᠯ ᠬᠦᠷᠲᠡᠭᠡᠪᠡ᠃ ᠰᠠᠶᠢᠨ ᠲᠤᠷᠠᠴᠤᠳ ᠬᠠᠭᠤᠷᠤᠨ ᠮᠡᠬᠡᠯᠡᠬᠦ ᠶᠢ ᠰᠡᠷᠭᠡᠶᠢᠯᠡᠬᠦ ᠲᠠᠯᠠᠪᠤᠷ᠂ ᠠᠷᠭ᠎ᠠ ᠪᠠᠷᠢᠯ᠂ ᠥᠪᠡᠷ ᠢ ᠪᠠᠨ ᠠᠪᠤᠷᠠᠬᠤ ᠵᠡᠷᠭᠡ ᠲᠠᠯ᠎ᠠ ᠪᠠᠷ ᠨᠠᠰᠤᠨ ᠳᠤ ᠦᠯᠤ ᠬᠥᠷᠦᠭᠰᠡᠳ ᠲᠤ ᠨᠢᠭᠡᠳ ᠨᠢᠭᠡ ᠪᠠᠷ ᠲᠠᠶᠢᠯᠪᠤᠷᠢᠯᠠᠨ ᠥᠭᠴᠦ᠂ ᠮᠡᠬᠡᠯᠡᠨ ᠬᠤᠳᠠᠯᠳᠤᠭᠴᠢ ᠶᠢᠨ ᠦᠷᠭᠦᠯᠵᠢ ᠬᠡᠷᠡᠭᠯᠡᠳᠡᠭ ᠠᠷᠭ᠎ᠠ ᠪᠠᠷᠢᠯ ᠪᠠ ᠬᠠᠭᠤᠷᠤᠨ ᠮᠡᠬᠡᠯᠡᠬᠦ ᠶᠢ ᠰᠡᠷᠭᠡᠶᠢᠯᠡᠬᠦ ᠮᠡᠳᠡᠯᠭᠡ ᠶᠢ ᠲᠡᠳᠡᠨ ᠳᠤ ᠰᠠᠶᠢᠨ ᠣᠶᠢᠯᠠᠭᠠᠭᠤᠯᠵᠤ᠂ ᠮᠡᠬᠡᠯᠡᠭᠳᠡᠭᠰᠡᠨ ᠤ ᠳᠠᠷᠠᠭᠠᠬᠢ ᠥᠪᠡᠷ ᠢ ᠪᠠᠨ ᠠᠪᠤᠷᠠᠬᠤ ᠠᠷᠭ᠎ᠠ ᠶᠢ ᠤᠶᠢᠯᠭᠠᠭᠤᠯᠪᠠ᠃ᠵᠣᠨ ᠤ ᠤᠯᠠᠷᠢᠯ ᠪᠣᠯ ᠬᠡᠦᠬᠡᠳ ᠤᠨ ᠤᠰᠤᠨ ᠳᠤ ᠴᠠᠴᠠᠬᠤ ᠠᠳᠡᠯ ᠣᠯᠠᠨ ᠭᠠᠷᠳᠠᠭ ᠬᠤᠭᠤᠴᠠᠭᠠᠨ ᠳᠤ ᠴᠢᠭᠯᠡᠭᠦᠯᠦᠨ᠂ ᠰᠠᠶᠢᠨ ᠲᠤᠷᠠᠴᠤᠳ ᠠᠴᠠ ᠬᠡᠦᠬᠡᠳ ᠲᠤ ᠤᠰᠤᠨ ᠳᠤ ᠴᠠᠴᠠᠬᠤ ᠰᠢᠯᠲᠠᠭᠠᠨ ᠵᠢᠴᠢ ᠤᠰᠤᠨ ᠳᠤ ᠴᠠᠴᠠᠭᠰᠠᠨ ᠤ ᠳᠠᠷᠠᠭ᠎ᠠ ᠠᠪᠬᠤ ᠶᠣᠰᠣᠲᠠᠢ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠲᠠᠶᠢᠯᠪᠤᠷᠢᠯᠠᠨ ᠥᠭᠴᠦ᠂ ᠬᠡᠦᠬᠡᠳ ᠲᠤ ᠤᠰᠤᠨ ᠳᠤ ᠴᠠᠴᠠᠬᠤ ᠶᠢ ᠰᠡᠷᠭᠡᠶᠢᠯᠡᠬᠦ ᠦᠨᠳᠦᠰᠦᠨ ᠮᠡᠳᠡᠯᠭᠡ ᠶᠢ ᠡᠵᠡᠮᠰᠢᠭᠦᠯᠵᠦ᠂ ᠥᠪᠡᠷ ᠢ ᠪᠠᠨ ᠠᠪᠤᠷᠠᠵᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃  ᠪᠥᠬᠦ ᠰᠢᠶᠠᠨ ᠤ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠲᠣᠰ ᠲᠣᠰ ᠤᠨ ᠣᠨᠴᠠᠯᠢᠭ ᠲᠠᠢ ᠵᠢᠷᠭᠤᠭᠠᠨ ᠰᠠᠷ᠎ᠠ ᠶᠢᠨ ᠨᠢᠭᠡᠨ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠢ ᠬᠤᠶᠢᠨ᠎ᠠ ᠬᠤᠶᠢᠨ᠎ᠠ ᠠᠴᠠ ᠪᠠᠨ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ᠨᠡᠶᠢᠭᠡᠮ ᠤᠨ ᠠᠵᠢᠯᠯᠠᠭᠠᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠪᠠᠷ ᠳᠠᠮᠵᠢᠭᠤᠯᠤᠨ᠂ ᠬᠡᠦᠬᠡᠳ ᠤᠨ ᠣᠨᠴᠠᠯᠢᠭ ᠲᠠᠢ ᠤᠶᠠᠯᠳᠤᠭᠤᠯᠤᠨ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠠᠮᠢᠳᠤ ᠴᠣᠪᠣᠭᠤᠯᠢᠭ᠂ ᠪᠠᠶᠠᠷ ᠴᠡᠩᠭᠡᠯ ᠤᠨ ᠳᠤᠮᠳᠠ ᠬᠥᠮᠦᠵᠢᠯ ᠬᠦᠷᠲᠡᠭᠡᠬᠦ᠂ ᠡᠷᠡᠭᠦᠯ ᠥᠭᠡᠳᠡᠷᠬᠡᠭ ᠣᠶᠤᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠠᠵᠢᠯᠯᠠᠭᠠᠨ ᠤ ᠪᠥᠬᠦ ᠶᠠᠪᠤᠴᠠ ᠶᠢᠨ ᠡᠯ᠎ᠡ ᠭᠤᠭᠴᠤᠭ᠎ᠠ ᠳᠤ ᠠᠭᠤᠰᠬᠠᠬᠤ ᠶᠢ ᠲᠦᠯᠬᠢᠨ ᠠᠬᠢᠭᠤᠯᠵᠤ᠂ ᠬᠡᠦᠬᠡᠳ ᠤᠨ ᠢᠷᠡᠭᠡᠳᠦᠢ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠠᠵᠢᠯ ᠢ ᠰᠠᠶᠢᠲᠤᠷ ᠬᠢᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号