| ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ | ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠨᠢᠩᠴᠧᠩ ᠰᠢᠶᠠᠨ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ᠂ | ᠰᠤᠷᠭᠠᠭᠤᠯᠢ ᠶᠢᠨ ᠬᠦᠷᠢᠶᠡᠨ ᠤ ᠭᠡᠨᠡᠳᠲᠡ ᠶᠢᠨ ᠬᠡᠷᠡᠭ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ᠂ ᠠᠮᠤᠷ ᠠᠮᠤᠭᠤᠯᠠᠩ᠂ | ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠪᠠ᠃ | ᠨᠢᠭᠡ ᠳᠤ᠂ ᠡᠳᠦᠷ ᠳᠤᠳᠤᠮ ᠤᠨ ᠠᠮᠤᠷ ᠲᠦᠪᠰᠢᠨ ᠤ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠠᠮᠤᠷ | ᠲᠦᠪᠰᠢᠨ ᠤ ᠬᠥᠮᠦᠵᠢᠯ ᠤᠨ ᠬᠢᠴᠢᠶᠡᠯ ᠤᠨ ᠱᠠᠭᠠᠷᠳᠠᠯᠭ᠎ᠠ ᠶᠢ ᠴᠢᠨᠠᠷ ᠴᠢᠨᠰᠠᠭ᠎ᠠ ᠲᠤᠭ᠎ᠠ ᠶᠣᠰᠣᠭᠠᠷ ᠰᠠᠶᠢᠲᠤᠷ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ᠂ ᠵᠢᠭᠠᠬᠤ | ᠮᠠᠲ᠋ᠧᠷᠢᠶᠠᠯ ᠳᠤ ᠣᠷᠣᠭᠤᠯᠬᠤ ᠶᠢ ᠪᠡᠶᠡᠯᠡᠭᠦᠯᠪᠡ᠃︽ᠳᠤᠮᠳᠠᠳᠤ ᠪᠠᠭ᠎ᠠ ᠰᠤᠷᠭᠠᠭᠤᠯᠢ ᠶᠢᠨ ᠣᠯᠠᠨ ᠨᠡᠶᠢᠲᠡ ᠶᠢᠨ | ᠠᠮᠤᠷ ᠲᠦᠪᠰᠢᠨ ᠤ ᠬᠥᠮᠦᠵᠢᠯ ᠤᠨ ᠵᠢᠯᠤᠭᠤᠳᠬᠤ ᠬᠥᠲᠥᠯᠪᠦᠷᠢ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ︽1530︾ ᠠᠮᠤᠷ ᠲᠦᠪᠰᠢᠨ ᠤ ᠬᠥᠮᠦᠵᠢᠯ ᠤᠨ ᠵᠠᠭᠪᠤᠷ᠂ ᠤᠯᠤᠰ ᠤᠨ ᠲᠤᠭ ᠤᠨ ᠳᠣᠣᠷᠠᠬᠢ ᠶᠠᠷᠢᠶ᠎ᠠ᠂ ᠲᠤᠰᠬᠠᠢ | ᠰᠡᠳᠦᠪᠲᠦ ᠲᠠᠶᠢᠯᠤᠮᠵᠢ᠂ ᠠᠩᠭᠢ ᠶᠢᠨ ᠬᠤᠷᠠᠯ ᠤᠨ ᠬᠢᠴᠢᠶᠡᠯ᠂ ᠪᠦᠯᠬᠦᠮ ᠤᠨ ᠬᠢᠴᠢᠶᠡᠯ ᠵᠡᠷᠭᠡ ᠶᠢ ᠰᠠᠶᠢᠲᠤᠷ | ᠬᠡᠷᠡᠭᠯᠡᠬᠦ ᠪᠠᠷ ᠳᠠᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ | ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ ᠲᠡᠷᠭᠡ ᠶᠢᠨ | ᠠᠮᠤᠷ ᠲᠦᠪᠰᠢᠨ ᠵᠢᠴᠢ ᠤᠰᠤᠨ ᠳᠤ ᠨᠠᠭᠠᠳᠬᠤ ᠶᠢ ᠰᠡᠷᠭᠡᠶᠢᠯᠡᠬᠦ᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ᠂ | ᠳᠣᠷᠣᠮᠵᠢᠯᠠᠯ ᠢ ᠰᠡᠷᠭᠡᠶᠢᠯᠡᠬᠦ ᠪᠠ ᠰᠡᠳᠬᠢᠴᠡ ᠶᠢᠨ ᠡᠷᠡᠭᠦᠯ ᠮᠡᠨᠳᠤ ᠶᠢ ᠰᠡᠷᠭᠡᠶᠢᠯᠡᠬᠦ ᠵᠡᠷᠭᠡ ᠪᠠᠶᠢᠩᠭᠤ ᠶᠢᠨ ᠴᠢᠨᠠᠷᠲᠠᠢ | ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠎ᠠ᠃ | ᠬᠤᠶᠠᠷ ᠲᠤ ᠭᠤᠣᠯ ᠰᠡᠳᠦᠪᠲᠦ ᠬᠥᠮᠦᠵᠢᠯ ᠢ ᠢᠳᠡᠪᠬᠢᠲᠡᠢ ᠦᠷᠨᠢᠭᠦᠯᠪᠡ᠃ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ | ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠦᠬᠦ ᠤᠯᠤᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠦᠬᠦ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠭᠠᠷᠠᠭ ᠪᠣᠯᠣᠨ ︽ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠢ | ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ︾ 2023 ᠠᠶᠤᠯᠭᠦᠢ ᠦᠢᠯᠡᠳᠪᠦᠷᠢᠯᠡᠯ ᠤᠨ ᠰᠠᠷ᠎ᠠ ᠵᠡᠷᠭᠡ | ᠵᠠᠩᠭᠢᠯᠠᠭ᠎ᠠ ᠶᠢᠨ ᠴᠡᠭ ᠢ ᠪᠦᠲᠦᠮᠵᠢᠲᠡᠶ ᠠᠰᠢᠭᠯᠠᠵᠤ᠂ ᠠᠮᠤᠷ ᠲᠦᠪᠰᠢᠨ ᠢ ᠰᠡᠷᠭᠡᠶᠢᠯᠡᠬᠦ ᠬᠥᠮᠦᠵᠢᠯ ᠤᠬᠠᠭᠤᠯᠭ᠎ᠠ ᠶᠢᠨ | ᠠᠵᠢᠯ ᠢ ᠭᠦᠨᠵᠡᠭᠡᠢ ᠥᠷᠨᠢᠭᠦᠯᠵᠦ᠂ ᠡᠭᠦᠨ ᠤ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠷᠢ | ᠬᠡᠮ ᠲᠠᠢ ᠭᠤᠷᠪᠠᠳᠤᠭᠠᠷ ᠡᠲᠡᠭᠡᠳ ︱ ᠥᠪᠥᠷ ᠮᠣᠩᠭᠤᠯ ᠤᠨ ᠵᠧᠨ ᠠᠨ ᠠᠮᠤᠷ ᠲᠦᠪᠰᠢᠨ ᠤ ᠮᠡᠷᠭᠡᠵᠢᠯ ᠤᠨ | ᠦᠢᠯᠡᠴᠢᠯᠡᠭᠡᠨ ᠤ ᠲᠥᠪ ᠤᠨ ᠵᠢᠯᠣᠭᠤᠳᠤᠯᠭ᠎ᠠ ᠳᠣᠣᠷ᠎ᠠ᠂ ᠭᠠᠯ ᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ | ᠰᠡᠷᠭᠡᠶᠢᠯᠡᠬᠦ᠂ ᠰᠡᠳᠬᠢᠴᠡ ᠶᠢᠨ ᠰᠢᠯᠭᠠᠯᠲᠠ ᠵᠡᠷᠭᠡ ᠠᠯᠢ ᠣᠯᠠᠨ ᠭᠤᠣᠯ ᠰᠡᠳᠦᠪᠲᠦ ᠪᠠᠴᠢᠮ ᠪᠠᠶᠢᠳᠠᠯ ᠢ ᠠᠷᠭᠠᠴᠠᠬᠤ | ᠪᠣᠳᠠᠲᠤ ᠰᠣᠷᠢᠯᠲᠠ ᠶᠢ ᠲᠣᠰ ᠲᠣᠰ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠠᠮᠤᠷ | ᠲᠦᠪᠰᠢᠨ ᠤ ᠦᠵᠡᠯ ᠤᠬᠠᠮᠰᠠᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠠᠶᠤᠯ ᠠᠴᠠ ᠵᠠᠶᠢᠯᠠᠵᠤ ᠥᠪᠡᠷ ᠢ ᠪᠠᠨ | ᠠᠪᠤᠷᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ |