| ᠨᠢᠭᠡ ᠳᠤ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠢ | ᠰᠠᠬᠢᠬᠤ ᠰᠠᠭᠤᠷᠢ ᠶᠢ ᠪᠠᠲᠤᠳᠬᠠᠪᠠ᠃ ᠰᠤᠷᠭᠠᠭᠤᠯᠢ ᠶᠢᠨ ︽ᠨᠢᠭᠡᠳᠦᠭᠡᠷ ᠬᠢᠴᠢᠶᠡᠯ ᠤᠨ ᠲᠠᠩᠬᠢᠮ︾ ᠤᠨ ᠰᠠᠭᠤᠷᠢ | ᠦᠢᠯᠡᠳᠦᠯ ᠳᠤ ᠲᠦᠰᠢᠭᠯᠡᠨ᠂ ︽ᠬᠤᠶᠠᠳᠤᠭᠠᠷ ᠬᠢᠴᠢᠶᠡᠯ ᠤᠨ ᠲᠠᠩᠬᠢᠮ︾ ᠤᠨ ᠲᠤᠰᠠᠯᠠᠬᠤ ᠦᠢᠯᠡᠳᠦᠯ ᠳᠤ | ᠲᠦᠰᠢᠭᠯᠡᠨ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ᠃ | ᠰᠤᠷᠭᠠᠭᠤᠯᠢ ᠶᠢᠨ ᠬᠠᠤᠯᠢ ᠳᠦᠷᠢᠮ ᠤᠨ ᠳᠡᠳ᠋ ᠵᠠᠬᠢᠷᠤᠯ ᠪᠠ ᠬᠠᠤᠯᠢ ᠪᠠᠷ ᠵᠠᠰᠠᠬᠤ ᠬᠠᠪᠰᠤᠷᠤᠨ ᠵᠢᠯᠣᠭᠤᠳᠤᠭᠴᠢ ᠶᠢᠨ | ᠳᠦᠷᠢᠮ ᠢ ᠪᠠᠶᠢᠭᠤᠯᠵᠤ᠂ ᠰᠤᠷᠭᠠᠭᠤᠯᠢ ᠨᠢᠭᠡᠪᠦᠷᠢ ᠳᠤ ᠴᠥᠮ ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠠᠤᠯᠢ ᠪᠠᠷ | ᠵᠠᠰᠠᠬᠤ ᠬᠠᠪᠰᠤᠷᠤᠨ ᠵᠢᠯᠣᠭᠤᠳᠤᠭᠴᠢ ᠶᠢ ᠲᠣᠬᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠳᠤ ᠰᠠᠨᠠᠭᠠᠴᠢᠯᠠᠭ᠎ᠠ ᠠᠴᠠ ᠪᠠᠨ ᠳᠠᠭᠠᠵᠤ ᠣᠷᠣᠬᠤ ᠪᠠ ᠲᠡᠭᠦᠨ ᠳᠤ | ᠣᠷᠣᠯᠴᠠᠵᠤ᠂ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠪᠦᠲᠦᠮᠵᠢᠲᠡᠶ ᠰᠡᠷᠭᠡᠶᠢᠯᠡᠪᠡ᠃ | ᠬᠤᠶᠠᠷ ᠲᠤ ᠣᠯᠠᠨ ᠲᠠᠯ᠎ᠠ ᠪᠠᠷ ᠬᠠᠮᠲᠤᠷᠠᠨ ᠬᠠᠮᠵᠢᠯᠴᠠᠵᠤ᠂ ᠨᠠᠰᠤᠨ ᠳᠤ ᠥᠯᠥ ᠭᠦᠷᠦᠭᠰᠡᠳ ᠤᠨ | ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠪᠡ᠃ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠴᠠᠭᠠᠵᠠ ᠶᠢᠨ | ᠲᠤᠰᠠᠯᠠᠮᠵᠢ ᠭᠤᠶᠤᠴᠢᠯᠠᠬᠤ᠂ ᠠᠩᠬᠠᠨ ᠤ ᠬᠢᠨᠠᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ︽ᠳᠣᠷᠣᠭᠰᠢ ᠪᠠᠭᠤᠯᠭᠠᠬᠤ | ︾ ᠵᠡᠷᠭᠡ ᠠᠷᠠᠳ ᠲᠤ ᠳᠥᠭᠦᠮ ᠦᠵᠡᠭᠦᠯᠬᠦ ᠲᠣᠭᠲᠠᠴᠠ ᠶᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ | ᠬᠠᠤᠯᠢ ᠶᠣᠰᠣᠨ ᠤ ᠡᠷᠬᠡ ᠠᠰᠢᠭ ᠤᠨ ᠭᠡᠷ ᠪᠦᠯᠢ ᠶᠢᠨ ᠬᠠᠮᠠᠭᠠᠯᠠᠯᠲᠠ᠂ ᠰᠤᠷᠭᠠᠭᠤᠯᠢ ᠶᠢᠨ ᠬᠠᠮᠠᠭᠠᠯᠠᠯᠲᠠ᠂ | ᠨᠡᠶᠢᠭᠡᠮ ᠤᠨ ᠬᠠᠮᠠᠭᠠᠯᠠᠯᠲᠠ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠲᠤᠰᠬᠠᠢ ᠬᠥᠮᠥᠨ ᠭᠥᠯᠢᠶᠡᠨ ᠠᠪᠴᠤ᠂ | ᠨᠠᠰᠤᠨ ᠳᠤ ᠥᠯᠥ ᠭᠦᠷᠦᠭᠰᠡᠳ ᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ | ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ | ᠪᠤᠶᠢᠵᠢᠬᠤ ᠶᠢ ᠪᠠᠳᠤᠯᠠᠪᠠ᠃ | ᠭᠤᠷᠪᠠ ᠳᠤ ᠬᠠᠤᠯᠢᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ︽ᠴᠡᠭ ᠤᠨ ᠲᠤᠰᠠᠯᠠᠮᠵᠢ ᠶᠢᠨ ᠳᠦᠷᠢᠮ︾ ᠢ ᠬᠡᠷᠡᠭᠵᠢᠭᠦᠯᠪᠡ᠃ᠬᠠᠤᠯᠢᠴᠢ ᠶᠢᠨ ᠮᠡᠳᠡᠭᠡ ᠵᠠᠩᠭᠢ ᠶᠢᠨ | ᠬᠥᠮᠥᠷᠭᠡ ᠪᠠᠶᠢᠭᠤᠯᠵᠤ᠂ ᠨᠠᠰᠤᠨ ᠳᠤ ᠦᠯᠤ ᠬᠥᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠰᠢᠢᠳᠪᠦᠷᠢᠯᠡᠬᠦ ᠳᠤ ᠲᠤᠬᠠᠢ ᠶᠢᠨ ᠡᠳᠦᠷ ᠲᠤᠨᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠬᠢᠨᠠᠨ | ᠵᠥᠪᠰᠢᠶᠡᠷᠡᠬᠦ᠂ ᠵᠢᠭᠠᠨ ᠲᠣᠮᠢᠯᠠᠬᠤ ᠶᠢ ᠬᠡᠷᠡᠭᠵᠢᠭᠦᠯᠬᠦ ᠶᠢᠨ ᠬᠠᠮᠲᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ ᠠᠴᠠ ᠲᠤᠰᠠᠯᠠᠭᠰᠠᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤᠨᠢ ᠮᠥᠷᠳᠡᠵᠦ᠂ ᠪᠦᠬᠦ | ᠶᠠᠪᠤᠴᠠ ᠳᠤ ᠰᠢᠪᠠᠳᠠᠨ ᠰᠢᠢᠳᠪᠦᠷᠢᠯᠡᠭᠦᠯᠬᠦ ᠶᠢ ᠬᠡᠷᠡᠭᠵᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠤᠨ | ᠴᠢᠨᠠᠷ ᠢ ᠪᠠᠲᠤᠯᠠᠪᠠ᠃ |