ᠨᠢᠩᠴᠧᠩ ᠰᠢᠶᠠᠨ ︽ᠳᠥᠷᠪᠡ ᠶᠢ ᠪᠠᠷᠢᠮᠲᠠᠯᠠᠬᠤ︾ ᠶᠢ ᠴᠢᠩᠭᠠᠳᠬᠠᠵᠤ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2023/8/18
ᠨᠢᠭᠡ ᠳᠤ ᠬᠤᠣᠰᠯᠠᠯ ᠪᠠᠶᠢᠭᠤᠯᠵᠤ ᠰᠤᠷᠭᠠᠭᠤᠯᠢ ᠡᠷᠬᠢᠯᠡᠬᠦ ᠶᠢ ᠪᠠᠷᠢᠮᠲᠠᠯᠠᠨ᠎ᠠ᠃ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ 11 ᠪᠠᠶᠢᠭᠤᠯᠵᠤ᠂ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠡᠯ᠎ᠡ ᠲᠦᠷᠦᠭᠦᠯᠡᠬᠦ ᠰᠤᠷᠭᠠᠭᠤᠯᠢ ᠨᠤᠭᠤᠳ ᠵᠣᠬᠢᠶᠠᠨ ᠪᠠᠶᠢᠭᠤᠯᠬᠤ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠪᠦᠷᠢᠯᠳᠦᠭᠦᠨ ᠰᠤᠷᠭᠠᠭᠤᠯᠢ ᠨᠤᠭᠤᠳ ᠢᠳᠡᠪᠬᠢᠲᠡᠢ ᠣᠷᠣᠯᠴᠠᠪᠠ᠃ᠵᠢᠭᠠᠨ ᠰᠤᠷᠭᠠᠬᠤ ᠴᠡᠭ ᠤᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠪᠠᠭ᠎ᠠ ᠬᠡᠪᠴᠢᠶᠡᠨ ᠤ ᠰᠤᠷᠭᠠᠭᠤᠯᠢ ᠶᠢᠨ ᠬᠥᠭᠵᠢᠯᠲᠡ ᠶᠢ ᠠᠩᠬᠠᠷᠴᠤ᠂ ᠪᠠᠭᠤᠷᠠᠢ ᠰᠤᠷᠭᠠᠭᠤᠯᠢ ᠶᠢᠨ ᠬᠠᠮᠢᠶᠠᠷᠤᠯᠲᠠ ᠶᠢ ᠰᠠᠶᠢᠵᠢᠷᠠᠭᠤᠯᠤᠨ᠂ ᠭᠠᠷ ᠭᠠᠷ ᠢᠶᠠᠨ ᠬᠤᠯᠪᠣᠯᠴᠠᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢ ᠶᠢ ᠠᠬᠢᠭᠤᠯᠪᠠ᠃ ᠬᠤᠶᠠᠷ ᠲᠤ ᠰᠢᠯᠵᠢᠯᠲᠡ ᠶᠢᠨ ᠲᠣᠭᠲᠠᠴᠠ ᠶᠢ ᠪᠠᠷᠢᠮᠲᠠᠯᠠᠨ᠎ᠠ᠃ᠰᠤᠷᠭᠠᠭᠤᠯᠢ  ᠴᠡᠴᠡᠷᠯᠢᠭ ᠤᠨ ᠳᠠᠷᠤᠭ᠎ᠠ᠂ ᠪᠠᠭᠰᠢ ᠶᠢᠨ ᠰᠣᠯᠢᠯᠴᠠᠭᠠᠨ ᠤ ᠡᠷᠴᠢᠮ ᠢ ᠴᠢᠩᠭᠠᠷᠠᠭᠤᠯᠵᠤ᠂ ᠰᠤᠷᠭᠠᠭᠤᠯᠢ  ᠴᠡᠴᠡᠷᠯᠢᠭ ᠤᠨ  56 ᠳᠠᠷᠤᠭ᠎ᠠ ᠪᠠ 150 ᠭᠤᠣᠯᠯᠠᠭᠴᠢ ᠪᠠᠭᠰᠢ ᠨᠠᠷ ᠬᠤᠳᠠ ᠬᠥᠳᠡᠭᠡ ᠶᠢᠨ ᠬᠤᠭᠤᠷᠣᠨᠳᠤ ᠰᠣᠯᠢᠯᠴᠠᠭ᠎ᠠ ᠬᠢᠵᠡᠢ︔ᠬᠥᠳᠡᠭᠡ ᠲᠣᠰᠬᠤᠨ ᠤ ᠰᠤᠷᠭᠠᠭᠤᠯᠢ ᠶᠢᠨ ᠺᠠᠳ᠋ᠷ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠪᠠᠭᠰᠢ ᠶᠢᠨ ᠲᠡᠩᠴᠡᠭᠦᠷᠢ ᠶᠢ ᠪᠦᠲᠦᠮᠵᠢᠲᠡᠢ ᠠᠬᠢᠭᠤᠯᠪᠠ᠃ ᠭᠤᠷᠪᠠ ᠳᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠪᠠᠷᠢᠮᠲᠠᠯᠠᠨ᠎ᠠ᠃ᠣᠲᠣ ᠪᠣᠯᠲᠠᠯ᠎ᠠ᠂ ᠬᠥᠳᠡᠭᠡ ᠲᠣᠰᠬᠤᠨ ᠤ ᠰᠤᠷᠭᠠᠭᠤᠯᠢ ᠳᠤ 370 ᠪᠠᠭᠰᠢ ᠡᠯᠰᠡᠬᠦ ᠶᠢᠨ ᠬᠠᠮᠲᠤ ᠲᠠᠰᠢᠷᠠᠮ ᠤᠨ ᠬᠡᠯᠪᠡᠷᠢ ᠪᠠᠷ ᠢᠯᠡ ᠪᠠᠷ ᠠᠵᠢᠯ ᠤᠨ ᠪᠠᠶᠢᠷᠢ ᠰᠣᠩᠭᠤᠵᠤ᠂ ᠪᠠᠭᠰᠢ ᠶᠢᠨ ᠲᠡᠩᠴᠡᠭᠦᠷᠢ ᠶᠢ ᠠᠬᠢᠭᠤᠯᠪᠠ᠃ᠬᠥᠳᠡᠭᠡ ᠲᠣᠰᠬᠤᠨ ᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠭᠰᠢ ᠶᠢ 410 ᠤᠷᠢᠵᠤ᠂ ᠪᠥᠬᠦ ᠰᠢᠶᠠᠨ ᠤ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠭᠰᠢ ᠶᠢᠨ ᠶᠡᠷᠦᠩᠬᠡᠢ ᠲᠣᠭᠠᠨ ᠤ 68% ᠶᠢ ᠡᠵᠡᠯᠡᠪᠡ᠃ᠬᠥᠳᠡᠭᠡ ᠲᠣᠰᠬᠤᠨ ᠤ ᠪᠠᠭᠰᠢ ᠶᠢᠨ ᠬᠥᠮᠥᠨ ᠪᠦᠷᠢ ᠶᠢᠨ ᠰᠠᠷ᠎ᠠ ᠪᠦᠷᠢ ᠶᠢᠨ ᠴᠠᠯᠢᠩ ᠢ ᠳᠤᠮᠳᠠᠴᠢ ᠪᠠᠷ 1402 ᠲᠥᠭᠦᠷᠢᠭ ᠨᠡᠮᠡᠭᠳᠡᠭᠦᠯᠪᠡ᠃ᠪᠦᠬᠦ ᠰᠢᠶᠠᠨ ᠢᠶᠠᠷ ᠢᠶᠠᠨ ᠬᠥᠳᠡᠭᠡ ᠲᠣᠰᠬᠤᠨ ᠤ ᠰᠤᠷᠭᠠᠭᠤᠯᠢ ᠶᠢᠨ  ᠲᠦᠪᠬᠢᠨᠡᠭᠦᠯᠬᠦ ᠭᠡᠷ ᠢ 239 ᠲᠠᠰᠤᠯᠭ᠎ᠠ ᠪᠠᠶᠢᠭᠤᠯᠵᠤ᠂ 478 ᠣᠷᠣ  ᠬᠠᠩᠭᠠᠪᠠ᠃ ᠳᠥᠷᠪᠡ ᠳᠤ᠂ ᠦᠨᠡᠯᠡᠯᠲᠡ ᠶᠢ ᠲᠡᠭᠦᠯᠳᠡᠷᠵᠢᠭᠦᠯᠬᠦ ᠶᠢ ᠪᠠᠷᠢᠮᠲᠠᠯᠠᠨ᠎ᠠ᠃ᠦᠷᠳᠡᠭ ᠨᠡᠮᠡᠭᠳᠡᠯ ᠤᠨ ᠦᠨᠡᠯᠡᠯᠲᠡ ᠪᠠ ᠣᠷᠣᠨ ᠪᠦᠰᠡ ᠬᠤᠪᠢᠶᠠᠨ ᠲᠦᠷᠦᠯ ᠬᠤᠪᠢᠶᠠᠨ ᠦᠨᠡᠯᠡᠬᠦ ᠶᠢ ᠲᠤᠷᠰᠢᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠨᠡᠯᠡᠯᠲᠡ ᠶᠢᠨ ᠲᠡᠩᠴᠡᠭᠦᠷᠢᠲᠡᠢ ᠪᠠᠶᠢᠬᠤ ᠶᠢ ᠠᠬᠢᠭᠤᠯᠤᠨ᠎ᠠ᠃ᠪᠠᠭᠰᠢ ᠶᠢᠨ ᠬᠥᠳᠡᠭᠡ ᠲᠣᠰᠬᠤᠨ ᠤ ᠰᠤᠷᠭᠠᠭᠤᠯᠢ ᠳᠤ ᠠᠵᠢᠯᠯᠠᠬᠤ ᠢᠳᠡᠪᠬᠢᠵᠢᠯ ᠢ ᠬᠥᠭᠵᠢᠭᠡᠬᠦ ᠶᠢᠨ ᠲᠥᠯᠥᠭᠡ᠂ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠵᠢᠯ ᠪᠦᠷᠢ ᠳᠤᠮᠳᠠᠴᠢ ᠪᠠᠷ 150 ︽ᠬᠠᠮᠤᠭ ᠤᠨ ᠭᠤᠶᠣ ᠪᠠᠭᠰᠢ︾ ᠶᠢ ᠰᠢᠯᠭᠠᠷᠠᠭᠤᠯᠤᠨ ᠬᠥᠬᠢᠭᠦᠯᠵᠦ᠂ ᠪᠠᠭᠰᠢ ᠶᠢᠨ ᠣᠷᠳᠣ ᠬᠤᠭᠤᠴᠠᠭ᠎ᠠ ᠪᠠᠷ ᠬᠥᠳᠡᠭᠡ ᠲᠣᠰᠬᠤᠨ ᠤ ᠰᠤᠷᠭᠠᠭᠤᠯᠢ ᠳᠤ ᠦᠨᠳᠦᠰᠦ ᠬᠠᠳᠬᠤᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号